ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠴᠤᠭᠤᠷᠬᠠᠢ ᠭᠤᠤᠷᠰᠤᠲᠦ ᠰᠥᠰᠥᠨ ᠵᠠᠮ ᠤᠨ ᠰᠢᠯ ᠢᠶᠠᠷ ᠪᠠᠶᠢᠴᠠᠭᠠᠭᠰᠠᠨ ᠠᠩᠬᠠᠳᠠᠭᠴᠢ ᠮᠡᠰᠡ ᠵᠠᠰᠠᠯ ᠢᠶᠠᠨ ᠳᠠᠭᠤᠰᠬᠠᠪᠠ
ᠨᠡᠶᠢᠲᠡᠯᠡᠭᠰᠡᠨ ᠴᠠᠭ᠄
2024/11/25
    11 ᠰᠠᠷ᠎ᠠ ᠶᠢᠨ 13 ᠤ ᠡᠳᠦᠷ᠂ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭᠠᠨ ᠤ ᠬᠢᠨ ᠴᠤᠭᠤᠷᠬᠠᠢ ᠭᠤᠤᠷᠰᠤᠲᠦ ᠰᠥᠰᠥᠨ ᠵᠠᠮ ᠤᠨ ᠰᠢᠯ ᠢᠶᠠᠷ ᠪᠠᠶᠢᠴᠠᠭᠠᠬᠤ ᠮᠡᠰᠡ ᠵᠠᠰᠠᠯ ᠬᠢᠵᠦ᠂ ᠮᠡᠰᠡ ᠵᠠᠰᠠᠯ ᠤᠨ ᠠᠷᠭ᠎ᠠ ᠮᠠᠶ᠋ᠢᠭ ᠨᠢ ᠤᠯᠠᠮᠵᠢᠯᠠᠯᠲᠤ ᠬᠡᠪᠡᠯᠢ ᠶᠢᠨ ᠮᠡᠰᠡ ᠵᠠᠰᠠᠯ ᠲᠠᠢ ᠬᠠᠷᠢᠴᠠᠭᠤᠯᠪᠠᠯ᠂ ᠨᠢᠭᠡ ᠵᠦᠢᠯ  ᠤᠨ ᠪᠢᠴᠢᠯ ᠰᠦᠪᠡᠲᠦ ᠡᠮᠴᠢᠯᠡᠭᠡᠨ ᠤ ᠠᠷᠭ᠎ᠠ ᠪᠠᠷᠢᠯ ᠪᠠᠶᠢᠵᠤ᠂ ᠬᠥᠬᠦᠨ ᠲᠣᠪᠴᠢ ᠶᠢᠨ ᠵᠠᠯᠭᠠᠭᠤᠷ ᠪᠤᠯᠴᠢᠩ᠂ ᠰᠥᠰᠥᠨ ᠤ ᠶᠡᠷᠦᠩᠬᠡᠢ ᠬᠤᠭᠤᠯᠠᠢ ᠶᠢ ᠲᠠᠰᠤᠯᠬᠤ ᠦᠭᠡᠢ ᠪᠠᠶᠢᠵᠤ᠂ ᠪᠤᠯᠴᠢᠩ ᠤᠨ ᠴᠢᠳᠠᠮᠵᠢ ᠶᠢ ᠬᠠᠮᠠᠭᠠᠯᠠᠵᠤ᠂ ᠰᠥᠰᠥᠨ ᠬᠤᠭᠤᠯᠠᠢ ᠶᠢᠨ ᠬᠠᠨ᠎ᠠ ᠶᠢᠨ ᠪᠦᠷᠢᠨ ᠪᠦᠲᠦᠨ ᠴᠢᠨᠠᠷ ᠢ ᠪᠠᠲᠤᠯᠠᠵᠤ᠂ ᠡᠭᠦᠨ ᠤ ᠤᠯᠠᠮ ᠠᠴᠠ ᠮᠡᠰᠡ ᠵᠠᠰᠠᠯ ᠤᠨ ᠳᠠᠷᠠᠭᠠᠬᠢ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠪᠠᠭᠤᠷᠠᠭᠤᠯᠵᠤ᠂ ᠡᠪᠡᠳᠴᠢᠲᠡᠨ ᠤ ᠰᠢᠷᠬᠠᠯᠠᠯ ᠢ ᠪᠠᠭᠠᠰᠬᠠᠵᠤ᠂ ᠮᠡᠰᠡ ᠵᠠᠰᠠᠯ ᠤᠨ ᠳᠠᠷᠠᠭᠠᠬᠢ ᠰᠡᠷᠭᠦᠭᠡᠯᠲᠡ ᠶᠢ ᠲᠦᠷᠭᠡᠳᠬᠡᠬᠦ ᠶᠢᠨ ᠬᠠᠮᠲᠤ ᠰᠥᠰᠥᠨ ᠵᠠᠮ ᠤᠨ ᠰᠢᠯ ᠢᠶᠠᠷ ᠳᠠᠮᠵᠢᠨ ᠰᠥᠰᠥᠨ ᠵᠠᠮ ᠤᠨ ᠳᠣᠲᠣᠭᠠᠳᠤ ᠪᠠᠶᠢᠳᠠᠯ ᠢ ᠰᠢᠭᠤᠳ ᠠᠵᠢᠭᠯᠠᠵᠤ᠂ ᠴᠢᠯᠠᠭᠤᠵᠢᠯ ᠢ ᠨᠡᠩ ᠣᠨᠣᠪᠴᠢᠲᠠᠢ ᠭᠠᠷᠭᠠᠨ ᠠᠪᠴᠤ᠂ ᠮᠡᠰᠡ ᠵᠠᠰᠠᠯ ᠤᠨ ᠳᠠᠷᠠᠭᠠᠬᠢ ᠦᠯᠡᠳᠡᠭᠳᠡᠯ ᠴᠢᠯᠠᠭᠤᠵᠢᠯ ᠤᠨ ᠡᠭᠦᠰᠬᠦ ᠶᠢ ᠪᠠᠭᠠᠰᠬᠠᠵᠤ᠂ ᠡᠮᠴᠢᠯᠡᠭᠡᠨ ᠤ ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠪᠢᠴᠢᠯ ᠰᠦᠪᠡᠲᠦ ᠮᠡᠰᠡ ᠵᠠᠰᠠᠯ ᠶᠡᠷᠦ ᠳᠡᠭᠡᠨ ᠡᠳᠡᠭᠡᠷᠡᠬᠦ ᠴᠠᠭ ᠨᠢ ᠨᠠᠩ ᠣᠬᠤᠷ ᠪᠠᠶᠢᠵᠤ᠂ ᠡᠮᠨᠡᠯᠭᠡ ᠳᠤ ᠰᠠᠭᠤᠬᠤ ᠴᠠᠭ ᠨᠢ ᠪᠠᠭᠠᠰᠤᠭᠰᠠᠨ ᠠᠴᠠ ᠡᠪᠡᠳᠴᠢᠲᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠵᠡᠢ᠃     ᠰᠢᠶᠠᠨ ᠤ ᠡᠮᠨᠡᠯᠭᠡ ᠶᠢᠨ ᠬᠤᠷᠢᠶ᠎ᠠ ᠠᠩᠬᠠᠳᠠᠭᠴᠢ ᠴᠤᠭᠤᠷᠬᠠᠢ ᠭᠤᠤᠷᠰᠤᠲᠦ ᠰᠥᠰᠥᠨ ᠰᠢᠯ ᠢᠶᠠᠷ ᠲᠤᠷᠰᠢᠨ ᠪᠠᠶᠢᠴᠠᠭᠠᠬᠤ ᠮᠡᠷᠭᠡᠵᠢᠯ ᠢ ᠪᠡᠶᠡᠯᠡᠭᠦᠯᠦᠭᠰᠡᠨ ᠨᠢ ᠡᠮᠨᠡᠯᠭᠡ ᠶᠢᠨ ᠬᠤᠷᠢᠶᠠᠨ ᠤ ᠰᠥᠰᠥᠨ ᠵᠠᠮ ᠤᠨ ᠡᠪᠡᠳᠴᠢᠨ ᠢ ᠡᠮᠨᠡᠨ ᠵᠠᠰᠠᠬᠤ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠰᠢᠪᠲᠤᠯᠤᠯᠲᠠ ᠶᠢ ᠬᠠᠷᠠᠭᠤᠯᠵᠤ᠂ ᠣᠯᠠᠨ ᠲᠦᠮᠡᠨ ᠳᠤ ᠨᠠᠩ ᠲᠡᠷᠢᠭᠦᠨ ᠤ ᠡᠮᠴᠢᠯᠡᠭᠡᠨ ᠤ ᠦᠢᠯᠡᠴᠢᠯᠡᠭᠡ ᠬᠠᠩᠭᠠᠵᠤ ᠳᠡᠶᠢᠯᠬᠦ ᠶᠢ ᠬᠠᠷᠠᠭᠤᠯᠵᠤ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1