ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠬᠥᠬᠡᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠬᠡᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ | ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢ ᠵᠢᠷᠤᠮᠵᠢᠭᠤᠯᠤᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠵᠤ᠂ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠶ ᠪᠠᠷ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ᠂ | ᠨᠡᠭᠡᠭᠡᠨ ᠬᠥᠭᠵᠢᠭᠦᠯᠬᠦ ᠵᠢᠴᠢ ᠬᠡᠷᠡᠭᠯᠡᠬᠦ ᠶᠢ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ | ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢ ᠰᠢᠢᠳᠪᠦᠷᠢᠯᠡᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯᠯᠠᠭ᠎ᠠ ᠳᠤ ᠲᠣᠰ ᠠᠷᠭ᠎ᠠ ᠶᠢ | ᠬᠡᠷᠡᠭᠯᠡᠨ᠎ᠡ᠃ ᠤᠯᠤᠰ ᠤᠨ ᠨᠢᠭᠤᠴᠠ ᠳᠤ ᠬᠤᠯᠪᠣᠭᠳᠠᠬᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠠᠯ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ | ᠲᠡᠷᠡ ᠲᠣᠭᠲᠠᠭᠠᠯ ᠢ ᠵᠢᠷᠤᠮᠯᠠᠨ᠎ᠠ᠃ | ᠭᠤᠷᠪᠠᠳᠤᠭᠠᠷ ᠵᠦᠢᠯ ᠲᠣᠰ ᠠᠷᠭ᠎ᠠ ᠳᠤ ᠬᠤᠯᠪᠣᠭᠳᠠᠬᠤ ᠬᠠᠮᠢᠶ᠎ᠡ ᠪᠦᠬᠦᠢ ᠬᠡᠯᠡᠯᠭᠡ ᠨᠢ ᠳᠣᠤᠷᠠᠬᠢ ᠮᠡᠲᠦ᠄ | ︵ᠨᠢᠭᠡ︶᠂ ᠤᠯᠠᠨ ᠨᠡᠶᠢᠳᠡ ᠶᠢᠨ ᠲᠤᠭ᠎ᠠ ᠪᠠᠷᠢᠮᠳᠠ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠠ | ᠬᠠᠤᠯᠢ ᠴᠠᠭᠠᠵᠠ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠤᠯᠠᠨ ᠨᠡᠶᠢᠳᠡ ᠶᠢᠨ ᠬᠡᠷᠡᠭ ᠶᠠᠪᠤᠳᠠᠯ ᠤᠨ | ᠬᠠᠮᠢᠶᠠᠷᠤᠯᠳᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠪᠠᠶᠢᠭᠤᠯᠤᠮᠵᠢ ︵ᠳᠤᠷᠤᠭᠰᠢ ︽ᠤᠯᠠᠨ | ᠨᠡᠶᠢᠳᠡ ᠶᠢᠨ ᠬᠠᠮᠢᠶᠠᠷᠤᠯᠳᠠ ᠪᠠ ᠦᠢᠯᠡᠴᠢᠯᠡᠭᠡᠨ ᠤ ᠪᠠᠶᠢᠭᠤᠯᠤᠮᠵᠢ︾ ᠭᠡᠵᠦ ᠲᠤᠪᠴᠢᠯᠠᠨ᠎ᠠ︶ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠨ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠶᠠᠪᠤᠴᠠ ᠳᠤ ᠴᠤᠭᠯᠠᠭᠤᠯᠤᠭᠰᠠᠨ᠂ ᠪᠤᠢ ᠪᠣᠯᠤᠭᠰᠠᠨ ᠡᠯ᠎ᠡ ᠲᠦᠷᠦᠯ ᠤᠨ ᠲᠤᠭ᠎ᠠ ᠪᠠᠷᠢᠮᠲᠠ ᠵᠢᠴᠢ ᠪᠤᠰᠤᠳ | ᠪᠠᠶᠢᠭᠤᠯᠤᠮᠵᠢ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤᠮᠳᠠ ᠴᠤᠭᠯᠠᠭᠤᠯᠤᠭᠰᠠᠨ᠂ ᠪᠤᠢ ᠪᠣᠯᠤᠭᠰᠠᠨ | ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠡᠯ᠎ᠡ ᠲᠦᠷᠦᠯ ᠤᠨ ᠲᠤᠭ᠎ᠠ ᠪᠠᠷᠢᠮᠲᠠ ᠶᠢ ᠵᠢᠭᠠᠵᠤ ᠪᠠᠶᠢᠨ᠎ᠠ | ᠃ | ︵ᠬᠤᠶᠠᠷ︶ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠭᠡᠳᠡᠭ ᠨᠢ ᠬᠠᠤᠯᠢ ᠴᠠᠭᠠᠵᠠ ᠬᠠᠤᠯᠢ | ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠶᠠᠮᠠᠷ ᠨᠢᠭᠡᠨ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ | ᠬᠠᠤᠯᠢ ᠪᠠᠷ ᠲᠣᠭᠲᠠᠭᠠᠭᠰᠠᠨ ᠴᠤᠭᠯᠠᠭᠤᠯᠬᠤ ᠰᠠᠯᠠᠭ᠎ᠠ ᠮᠥᠴᠢᠷ ᠢ ᠵᠢᠭᠠᠵᠤ ᠪᠠᠶᠢᠨ᠎ᠠ᠃ | ︵ᠭᠤᠷᠪᠠ︶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠤᠯ ᠴᠣᠭᠴᠠ ᠭᠡᠳᠡᠭ ᠨᠢ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠯᠠᠪᠯᠠᠬᠤ᠂ ᠬᠡᠷᠡᠭᠯᠡᠬᠦ ᠪᠠ ᠠᠰᠢᠭᠯᠠᠬᠤ ᠪᠠᠶᠢᠭᠠᠯᠢ ᠬᠥᠮᠦᠨ᠂ ᠬᠠᠤᠯᠢ ᠶᠢᠨ | ᠡᠷᠬᠡᠲᠡᠨ ᠪᠣᠯᠤᠨ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃ | ︵ᠲᠦᠷᠪᠡ︶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠭᠡᠳᠡᠭ ᠨᠢ ᠣᠯᠠᠨ | ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢᠨ | ᠲᠦᠯᠦᠭᠡ᠂ ᠪᠤᠰᠤᠳ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ | ᠪᠠᠷᠢᠮᠲᠠ ᠶᠢ ᠬᠠᠤᠯᠢ ᠶᠣᠰᠣᠭᠠᠷ ᠬᠡᠷᠡᠭᠯᠡᠬᠦ᠂ ᠡᠰᠡᠬᠦᠯ᠎ᠡ ᠪᠤᠰᠤᠳ ᠣᠯᠠᠨ ᠨᠡᠶᠢᠲᠡ ᠶᠢᠨ ᠬᠠᠮᠢᠶᠠᠷᠤᠯᠲᠠ ᠪᠠ | ᠦᠢᠯᠡᠴᠢᠯᠡᠭᠡᠨ ᠤ ᠪᠠᠶᠢᠭᠤᠯᠤᠮᠵᠢ ᠳᠤ ᠲᠤᠭ᠎ᠠ ᠪᠠᠷᠢᠮᠲᠠ᠂ ᠲᠤᠭ᠎ᠠ ᠪᠠᠷᠢᠮᠲᠠ ᠶᠢᠨ ᠦᠢᠯᠡᠴᠢᠯᠡᠭᠡ ᠬᠠᠩᠭᠠᠬᠤ | ᠠᠵᠢᠯᠯᠠᠭ᠎ᠠ ᠶᠢ ᠵᠢᠭᠠᠵᠤ ᠪᠠᠶᠢᠨ᠎ᠠ᠃ | ︵ᠲᠠᠪᠤ︶ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠭᠡᠳᠡᠭ ᠨᠢ ᠣᠯᠠᠨ ᠨᠡᠶᠢᠲᠡ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠠᠴᠠ ᠬᠠᠤᠯᠢ ᠶᠣᠰᠣᠭᠠᠷ ᠪᠠᠶᠢᠭᠠᠯᠢ ᠬᠥᠮᠦᠨ᠂ ᠬᠠᠤᠯᠢ ᠶᠢᠨ | ᠡᠷᠬᠡᠲᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠳᠤ ᠠᠩᠬᠠᠨ ᠤ ᠴᠢᠨᠠᠷᠲᠠᠶ᠂ ᠮᠠᠰᠢᠨ ᠢᠶᠠᠷ | ᠤᠩᠰᠢᠵᠤ ᠪᠣᠯᠬᠤ᠂ ᠨᠡᠶᠢᠭᠡᠮᠴᠢᠯᠡᠨ ᠳᠠᠬᠢᠨ ᠠᠰᠢᠭᠯᠠᠬᠤ ᠪᠣᠯᠬᠤ ᠲᠤᠭ᠎ᠠ ᠪᠠᠷᠢᠮᠲᠠ ᠬᠠᠩᠭᠠᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ | ᠳᠥᠷᠪᠡᠳᠦᠭᠡᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠨᠢ ᠨᠢᠭᠡᠳᠦᠯᠲᠡᠶ | ᠲᠥᠯᠥᠪᠵᠢᠭᠦᠯᠬᠦ᠂ ᠡᠷᠴᠢᠮᠵᠢᠭᠦᠯᠦᠨ ᠪᠦᠲᠦᠭᠡᠨ ᠪᠠᠶᠢᠭᠤᠯᠬᠤ᠂ ᠬᠡᠷᠡᠭᠴᠡᠭᠡ ᠶᠣᠰᠣᠭᠠᠷ ᠬᠠᠮᠲᠤ ᠳᠤ ᠪᠠᠨ ᠡᠳ᠋ᠯᠡᠬᠦ᠂ | ᠡᠮᠬᠢ ᠵᠢᠷᠤᠮ ᠲᠠᠢ ᠨᠡᠭᠡᠭᠡᠯᠲᠡ ᠬᠢᠬᠦ᠂ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ᠂ ᠠᠮᠤᠷ | ᠲᠦᠪᠰᠢᠨ ᠡᠵᠡᠮᠳᠡᠵᠦ ᠪᠣᠯᠬᠤ ᠵᠠᠷᠴᠢᠮ ᠢ ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠢᠯ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠣᠯ ᠬᠤᠲᠠ ᠶᠢᠨ | ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ | ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠵᠤ᠂ ᠠᠵᠢᠯ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠳᠡᠭᠦᠯᠳᠡᠷᠵᠢᠭᠦᠯᠦᠨ᠎ᠡ︔ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠡᠭᠦᠷᠭᠡ ᠪᠠ ᠱᠠᠭᠠᠷᠳᠠᠯᠭ᠎ᠠ ᠳᠤᠷᠠᠳᠤᠨ᠎ᠠ︔ ᠲᠤᠭ᠎ᠠ | ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠦᠴᠢᠷ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠨᠠᠷᠢᠨ | ᠬᠠᠭᠤᠳᠠᠰᠤ ᠶᠢ ᠨᠠᠶᠢᠷᠠᠭᠤᠯᠬᠤ᠂ ᠬᠠᠮᠢᠶᠠᠷᠬᠤ ᠶᠢ ᠬᠠᠷᠢᠭᠤᠴᠠᠨ ᠵᠢᠯᠤᠭᠤᠳᠴᠤ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ᠎ᠠ︔ | ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ | ᠲᠣᠭᠲᠠᠭᠠᠬᠤ ᠶᠢ ᠬᠠᠷᠢᠭᠤᠴᠠᠨ᠎ᠠ︔ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠠᠩᠭᠠᠬᠤ | ᠬᠠᠷᠢᠭᠤᠴᠠᠯᠭᠠᠲᠤ ᠰᠠᠯᠠᠭ᠎ᠠ ᠮᠥᠴᠢᠷ ᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠲᠣᠳᠣᠷᠬᠠᠶᠢᠯᠠᠨ᠎ᠠ︔ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠰᠢᠯᠭᠠᠨ ᠬᠢᠨᠠᠵᠤ ᠦᠨᠡᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠵᠤ᠂ ᠬᠤᠲᠠ ᠶᠢᠨ ᠵᠠᠰᠠᠭ ᠤᠨ ᠤᠷᠳᠤᠨ ᠤ ᠵᠢᠯ ᠤᠨ | ᠠᠵᠢᠯ ᠤᠨ ᠭᠤᠤᠯᠳᠠᠯᠭ᠎ᠠ ᠲᠠᠢ ᠰᠢᠯᠭᠠᠬᠤ ᠠᠭᠤᠯᠭ᠎ᠠ ᠪᠤᠯᠭᠠᠨ᠎ᠠ᠃ | ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠥᠪ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠲᠠᠪᠴᠠᠩ ᠤᠨ ᠪᠦᠲᠦᠭᠡᠨ ᠪᠠᠶᠢᠭᠤᠯᠵᠤ ᠠᠵᠢᠯᠯᠠᠭᠤᠯᠵᠤ ᠬᠠᠮᠠᠭᠠᠯᠠᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ | ᠠᠵᠢᠯ ᠲᠥᠷᠥᠯ ᠢᠶᠠᠷ ᠬᠤᠪᠢᠶᠠᠨ ᠬᠠᠮᠢᠶᠠᠷᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ | ᠠᠵᠢᠯᠯᠠᠭᠤᠯᠵᠤ ᠬᠠᠮᠠᠭᠠᠯᠠᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠵᠡᠷᠭᠡ | ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠬᠤ ᠠᠵᠢᠯ ᠢ ᠬᠠᠷᠢᠭᠤᠴᠠᠨ᠎ᠠ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠪᠠᠶᠢᠭᠤᠯᠤᠮᠵᠢ ᠶᠢᠨ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ | ᠪᠣᠯᠤᠭᠰᠠᠨ ᠤ ᠬᠤᠪᠢ ᠳᠤ᠂ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠬᠠᠷᠠᠯᠲᠠ᠂ ᠬᠠᠷᠢᠭᠤᠴᠠᠯᠭ᠎ᠠ᠂ ᠬᠡᠷᠡᠭᠵᠢᠭᠦᠯᠬᠦ ᠪᠠᠶᠢᠭᠤᠯᠤᠮᠵᠢ ᠵᠢᠴᠢ ᠠᠵᠢᠯᠲᠠᠨ ᠢ ᠬᠠᠷᠢᠭᠤᠴᠠᠨ | ᠲᠣᠳᠣᠷᠬᠠᠶᠢᠯᠠᠨ᠎ᠠ︔ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ | ᠨᠠᠶᠢᠷᠠᠭᠤᠯᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠨᠠᠷᠢᠨ ᠬᠠᠭᠤᠳᠠᠰᠤ | ᠪᠠ ᠵᠢᠷᠤᠮᠵᠢᠯ ᠢ ᠬᠠᠤᠯᠢ ᠶᠣᠰᠣᠭᠠᠷ ᠲᠣᠭᠲᠠᠭᠠᠨ᠎ᠠ︔ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢ ᠲᠥᠷᠥᠯ ᠬᠤᠪᠢᠶᠠᠨ ᠳᠡᠰ ᠬᠤᠪᠢᠶᠠᠬᠤ᠂ ᠴᠤᠭᠯᠠᠭᠤᠯᠬᠤ᠂ ᠵᠠᠰᠠᠬᠤ᠂ ᠴᠤᠭᠯᠠᠭᠤᠯᠤᠨ ᠬᠠᠮᠢᠶᠠᠷᠬᠤ᠂ | ᠬᠠᠳᠠᠭᠠᠯᠠᠬᠤ᠂ ᠪᠤᠯᠪᠠᠰᠤᠷᠠᠭᠤᠯᠬᠤ᠂ ᠳᠠᠮᠵᠢᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ᠂ ᠨᠡᠭᠡᠭᠡᠨ | ᠬᠥᠭᠵᠢᠭᠦᠯᠬᠦ ᠵᠢᠴᠢ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠠᠤᠯᠢ | ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ ᠱᠠᠭᠠᠷᠳᠠᠯᠭ᠎ᠠ ᠪᠠᠷ ᠬᠠᠮᠢᠶ᠎ᠠ ᠪᠦᠬᠦᠢ | ᠠᠵᠢᠯ ᠢ ᠥᠷᠨᠢᠭᠦᠯᠦᠨ᠎ᠡ᠃ | ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠤᠯᠤᠰ ᠤᠨ ᠠᠮᠤᠷ ᠲᠦᠪᠰᠢᠨ ᠤ ᠰᠠᠯᠠᠭ᠎ᠠ ᠮᠥᠴᠢᠷ ᠤᠳ | ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠬᠥᠭᠵᠢᠭᠦᠯᠦᠯᠲᠡ ᠪᠠ ᠥᠭᠡᠷᠡᠴᠢᠯᠡᠯᠲᠡ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ | ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠰ ᠠᠵᠢᠯ ᠲᠥᠷᠥᠯ᠂ ᠲᠤᠰ ᠬᠦᠷᠢᠶᠡᠨ ᠤ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠵᠤ᠂ ᠲᠤᠰ | ᠠᠵᠢᠯ ᠲᠥᠷᠥᠯ᠂ ᠲᠤᠰ ᠬᠦᠷᠢᠶᠡᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠨ᠎ᠡ᠃ | ᠬᠤᠶᠠᠳᠤᠭᠠᠷ ᠪᠦᠯᠦᠭ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠬᠢᠭᠡᠳ ᠭᠠᠷᠴᠠᠭ ᠤᠨ | ᠬᠠᠮᠢᠶᠠᠷᠤᠯᠲᠠ | ᠵᠢᠷᠭᠤᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠨᠢᠭᠡᠳᠦᠯᠲᠡᠶ ᠬᠠᠮᠢᠶᠠᠷᠤᠨ᠎ᠠ᠃ | ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢ ᠨᠢᠭᠡᠳᠦᠯᠲᠡᠶ | ᠲᠥᠯᠥᠪᠵᠢᠭᠦᠯᠦᠨ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠲᠠᠢ ᠵᠣᠯᠭᠠᠭᠤᠯᠵᠤ᠂ ᠪᠥᠬᠦ ᠬᠤᠲᠠ ᠶᠢᠨ ᠨᠢᠭᠡᠳᠦᠯᠲᠡᠶ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠵᠠᠮ ᠢ ᠪᠣᠶ ᠪᠣᠯᠭᠠᠨ᠎ᠠ︔ ᠡᠯ᠎ᠡ | ᠬᠤᠰᠢᠭᠤ ︵ᠰᠢᠶᠠᠨ᠂ ᠲᠣᠭᠤᠷᠢᠭ︶ ᠨᠢ ᠵᠠᠷᠴᠢᠮ ᠳᠡᠭᠡᠷ᠎ᠡ ᠪᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠲᠠᠪᠴᠠᠩ ᠢ ᠲᠤᠰᠠᠭᠠᠷ ᠪᠠᠶᠢᠭᠤᠯᠬᠤ ᠥᠬᠡᠶ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠬᠤᠲᠠ ᠶᠢᠨ ᠱᠠᠲᠤᠨ ᠤ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠵᠦ᠂ ᠨᠡᠭᠡᠭᠡᠯᠲᠡ ᠬᠢᠬᠦ ᠬᠡᠷᠡᠭᠲᠡᠢ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠠᠴᠠ ᠭᠠᠳᠠᠨ᠎ᠠ | ᠬᠠᠮᠲᠤ ᠪᠠᠷ ᠡᠳ᠋ᠯᠡᠬᠦ ᠪᠠ ᠨᠡᠭᠡᠭᠡᠯᠲᠡ ᠬᠢᠬᠦ ᠵᠠᠮ ᠢ ᠰᠢᠨ᠎ᠡ ᠪᠠᠷ ᠪᠠᠶᠢᠭᠤᠯᠵᠤ ᠪᠣᠯᠬᠤ ᠦᠭᠡᠢ︔ ᠨᠢᠭᠡᠨᠲᠡ | ᠪᠠᠶᠢᠭᠤᠯᠤᠭᠰᠠᠨ ᠪᠣᠯ ᠠᠯᠬᠤᠮ ᠠᠯᠬᠤᠮ ᠢᠶᠠᠷ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠤ | ᠨᠡᠶᠢᠯᠡᠭᠦᠯᠬᠦ ᠬᠡᠷᠡᠭᠲᠡᠢ᠃ | ᠳᠣᠯᠣᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠳᠤ ᠲᠥᠷᠥᠯ ᠬᠤᠪᠢᠶᠠᠨ | ᠳᠡᠰ ᠲᠣᠭᠲᠠᠭᠠᠬᠤ ᠪᠠᠷ ᠤᠷᠢᠲᠠᠯ ᠪᠣᠯᠭᠠᠨ᠎ᠠ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠪᠠ | ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠲᠣᠭᠲᠠᠭᠠᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠳᠡᠰ ᠬᠤᠪᠢᠶᠠᠬᠤ ᠬᠠᠮᠢᠶ᠎ᠠ ᠪᠦᠬᠦᠢ | ᠲᠣᠭᠲᠠᠭᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢ ᠲᠥᠷᠥᠯ ᠬᠤᠪᠢᠶᠠᠨ ᠳᠡᠰ ᠬᠤᠪᠢᠶᠠᠬᠤ ᠳᠦᠷᠢᠮ ᠢ ᠨᠡᠮᠡᠨ ᠨᠥᠬᠦᠪᠥᠷᠢᠯᠡᠬᠦ ᠶᠢᠨ ᠬᠠᠮᠲᠤ᠂ ᠳᠡᠭᠡᠳᠦ | ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠳᠠᠩᠰᠠᠯᠠᠭᠤᠯᠬᠤ ᠬᠡᠷᠡᠭᠲᠡᠢ᠃ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠥᠷᠥᠯ ᠬᠤᠪᠢᠶᠠᠨ ᠲᠠᠰ ᠬᠤᠪᠢᠶᠠᠬᠤ ᠬᠠᠮᠢᠶ᠎ᠠ | ᠪᠥᠬᠦᠶ ᠲᠣᠭᠲᠠᠭᠠᠯ ᠢ ᠦᠨᠳᠦᠰᠦᠯᠡᠨ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠣᠯᠠᠨ ᠨᠡᠶᠢᠲᠡ ᠶᠢᠨ | ᠲᠤᠭ᠎ᠠ ᠪᠠᠷᠢᠮᠲᠠ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ | ᠨᠠᠢᠮᠠᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠢᠭᠡᠳᠦᠯᠲᠡᠶ ᠭᠠᠷᠴᠠᠭ ᠤᠨ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠨᠢᠭᠡᠳᠦᠯᠲᠡᠶ ᠭᠠᠷᠴᠠᠭ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠵᠤ᠂ | ᠪᠥᠬᠦ ᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠤ ᠨᠡᠶᠢᠲᠡᠯᠡᠬᠦ ᠪᠠ ᠰᠢᠨᠡᠳᠬᠡᠬᠦ ᠬᠡᠷᠡᠭᠲᠡᠶ᠃ | ᠡᠯ᠎ᠡ ᠬᠤᠰᠢᠭᠤ ︵ᠰᠢᠶᠠᠨ᠂ ᠲᠣᠭᠤᠷᠢᠭ︶ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠨᠢᠭᠡᠳᠦᠯᠲᠡᠶ ᠭᠠᠷᠴᠠᠭ ᠢ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠣᠰᠣᠭᠠᠷ᠂ | ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ | ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠤᠨ᠎ᠠ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠨᠢᠭᠡᠳᠦᠯᠲᠡᠶ | ᠭᠠᠷᠴᠠᠭ ᠤᠨ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠣᠰᠣᠭᠠᠷ᠂ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠶᠢᠨ ᠬᠠᠮᠲᠤ ᠠᠳᠠᠯᠢ ᠱᠠᠲᠤᠨ ᠤ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ | ᠬᠠᠷᠭᠤᠭᠤᠯᠤᠨ᠎ᠠ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠲᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠡᠯᠪᠡᠷᠢ᠂ ᠬᠠᠮᠲᠤ ᠪᠠᠷ ᠡᠳ᠋ᠯᠡᠬᠦ ᠠᠭᠤᠯᠭ᠎ᠠ᠂ ᠬᠠᠮᠲᠤ ᠪᠠᠷ ᠡᠳ᠋ᠯᠡᠬᠦ ᠲᠥᠷᠥᠯ ᠵᠦᠢᠯ᠂ ᠬᠠᠮᠲᠤ ᠪᠠᠷ ᠡᠳ᠋ᠯᠡᠬᠦ ᠨᠥᠬᠦᠴᠡᠯ | ᠂ ᠬᠠᠮᠲᠤ ᠪᠠᠷ ᠡᠳ᠋ᠯᠡᠬᠦ ᠬᠡᠪᠴᠢᠶ᠎ᠡ᠂ ᠨᠡᠭᠡᠭᠡᠯᠲᠡ ᠬᠢᠬᠦ ᠰᠢᠨᠵᠢ ᠴᠢᠨᠠᠷ᠂ ᠰᠢᠨᠡᠳᠬᠡᠬᠦ ᠳᠠᠪᠲᠠᠮᠵᠢ ᠪᠠ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠢᠨᠠᠨ ᠵᠥᠪᠰᠢᠶᠡᠷᠡᠬᠦ᠂ ᠬᠠᠩᠭᠠᠬᠤ ᠰᠠᠯᠠᠭ᠎ᠠ ᠮᠥᠴᠢᠷ ᠵᠡᠷᠭᠡ | ᠠᠭᠤᠯᠭ᠎ᠠ ᠶᠢ ᠪᠠᠭᠲᠠᠭᠠᠬᠤ ᠬᠡᠷᠡᠭᠲᠡᠶ᠃ | ᠶᠢᠰᠦᠳᠦᠭᠡᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ | ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠰᠢᠨᠡᠳᠬᠡᠬᠦ ᠲᠣᠭᠲᠠᠴᠠ ᠶᠢ ᠪᠠᠶᠢᠭᠤᠯᠵᠤ | ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠪᠤᠶᠤ ᠬᠠᠤᠯᠢ ᠪᠠᠷ ᠲᠣᠭᠲᠠᠭᠠᠭᠰᠠᠨ ᠲᠤᠰᠢᠶᠠᠯ | ᠴᠢᠳᠠᠪᠤᠷᠢ ᠳᠤ ᠬᠤᠪᠢᠷᠠᠯᠲᠠ ᠭᠠᠷᠪᠠᠯ᠂ 15 ᠠᠵᠢᠯᠯᠠᠬᠤ ᠡᠳᠦᠷ ᠤᠨ ᠳᠣᠲᠣᠷ᠎ᠠ ᠲᠤᠰ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠰᠢᠨᠡᠳᠬᠡᠬᠦ ᠶᠢᠨ ᠬᠠᠮᠲᠤ᠂ ᠠᠳᠠᠯᠢ ᠱᠠᠲᠤᠨ ᠤ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠲᠣᠭᠲᠠᠭᠠᠯᠭᠠᠬᠤ | ᠬᠡᠷᠡᠭᠲᠡᠶ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ 5 ᠠᠵᠢᠯᠯᠠᠬᠤ | ᠡᠳᠦᠷ ᠤᠨ ᠳᠣᠲᠣᠷ᠎ᠠ ᠬᠢᠨᠠᠨ ᠲᠣᠭᠲᠠᠭᠠᠬᠤ ᠶᠢᠨ ᠬᠠᠮᠲᠤ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠭᠠᠷᠴᠠᠭ ᠢ ᠰᠢᠨᠡᠳᠬᠡᠬᠦ ᠬᠡᠷᠡᠭᠲᠡᠶ᠃ | ᠭᠤᠷᠪᠠᠳᠤᠭᠠᠷ ᠪᠦᠯᠦᠭ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠩᠭᠠᠯᠭ᠎ᠠ | ᠠᠷᠪᠠᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠨᠢ ᠬᠠᠤᠯᠢ ᠳᠤ ᠨᠡᠶᠢᠴᠡᠭᠰᠡᠨ᠂ ᠴᠢᠬᠤᠯᠠ ᠪᠦᠬᠦᠢ᠂ ᠵᠣᠬᠢᠰᠲᠠᠶ ᠪᠠᠶᠢᠬᠤ ᠵᠠᠷᠴᠢᠮ ᠢ | ᠵᠢᠷᠤᠮᠯᠠᠵᠤ᠂ ᠲᠤᠰ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠠᠮᠢᠶ᠎ᠠ ᠪᠦᠬᠦᠢ | ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ | ᠬᠡᠪᠴᠢᠶᠡᠨ ᠳᠣᠲᠣᠷ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠤᠨ᠂ ᠬᠢᠨᠠᠨ ᠵᠥᠪᠰᠢᠶᠡᠷᠡᠬᠦ ᠪᠠ | ᠬᠠᠩᠭᠠᠬᠤ ᠬᠡᠷᠡᠭᠲᠡᠶ᠃ ᠬᠠᠮᠲᠤ ᠪᠠᠷ ᠡᠳ᠋ᠯᠡᠬᠦ ᠠᠷᠭ᠎ᠠ ᠵᠠᠮ ᠢᠶᠠᠷ ᠳᠠᠮᠵᠢᠭᠤᠯᠤᠨ ᠤᠯᠬᠤ ᠪᠤᠶᠤ ᠨᠤᠲᠠᠯᠠᠵᠤ ᠪᠣᠯᠬᠤ | ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠠᠪᠬᠤᠷᠳᠠᠭᠤᠯᠤᠨ | ᠴᠤᠭᠯᠠᠭᠤᠯᠵᠤ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ | ᠲᠤᠰ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ ᠲᠤᠭ᠎ᠠ | ᠪᠠᠷᠢᠮᠲᠠ ᠶᠢᠨ ᠵᠠᠰᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢ ᠬᠡᠷᠡᠭᠯᠡᠬᠦ ᠨᠢᠭᠡᠴᠢ ᠶᠢᠨ | ᠲᠤᠭ᠎ᠠ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠲᠤᠰ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠲᠤᠭ᠎ᠠ ᠪᠠᠷᠢᠮᠲᠠ ᠳᠤ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠥᠷᠨᠢᠭᠦᠯᠵᠦ᠂ ᠲᠤᠭ᠎ᠠ | ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠪᠠᠰᠠ ᠲᠤᠰ ᠱᠠᠲᠤᠨ ᠤ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠲᠤᠭ᠎ᠠ ᠪᠠᠷᠢᠮᠲᠠ ᠶᠢᠨ | ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ ᠳᠤᠷᠠᠳᠴᠤ ᠪᠣᠯᠣᠨ᠎ᠠ᠂ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ | ᠦᠨᠳᠦᠰᠦᠯᠡᠨ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠦᠷᠨᠢᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠲᠠᠬᠢ ᠰᠢᠨᠡᠳᠬᠡᠬᠦ ᠳᠠᠪᠲᠠᠮᠵᠢ ᠶᠣᠰᠣᠭᠠᠷ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠡᠭᠡᠷ᠎ᠡ ᠲᠤᠰ ᠪᠠᠶᠢᠭᠤᠯᠤᠮᠵᠢ ᠶᠢᠨ ᠬᠠᠮᠲᠤ ᠪᠠᠷ ᠡᠳ᠋ᠯᠡᠬᠦ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠰᠢᠨᠡᠳᠬᠡᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠪᠦᠷᠢᠨ ᠪᠦᠲᠦᠨ | ᠴᠢᠨᠠᠷ᠂ ᠣᠨᠣᠪᠴᠢᠲᠤ ᠴᠢᠨᠠᠷ᠂ ᠨᠢᠭᠡᠳᠦᠯᠲᠦ ᠴᠢᠨᠠᠷ ᠪᠠ ᠴᠠᠭ ᠬᠤᠭᠤᠴᠠᠭᠠᠲᠤ ᠴᠢᠨᠠᠷ ᠢ ᠪᠠᠲᠤᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ︽ᠨᠢᠭᠡ ᠲᠤᠭ᠎ᠠ ᠪᠠᠷᠢᠮᠲᠠ ᠨᠢ ᠨᠢᠭᠡ ᠰᠤᠷᠪᠤᠯᠵᠢ ᠲᠠᠢ ᠨᠢᠭᠡ ᠪᠠᠷᠢᠮᠵᠢᠶ᠎ᠠ ᠲᠠᠢ︾ ᠱᠠᠭᠠᠷᠳᠠᠯᠭ᠎ᠠ | ᠶᠣᠰᠣᠭᠠᠷ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠢ | ᠲᠣᠳᠣᠷᠬᠠᠶᠢᠯᠠᠬᠤ ᠬᠡᠷᠡᠭᠲᠡᠶ᠃ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠳᠤ ᠪᠠᠶᠢᠭᠠᠯᠢ ᠬᠥᠮᠦᠨ ᠤ ᠲᠤᠭ᠎ᠠ ᠪᠠᠷᠢᠮᠲᠠ ᠳᠤ ᠬᠤᠯᠪᠣᠭᠳᠠᠪᠠᠯ᠂ | ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠬᠠᠤᠯᠢ ᠪᠠᠷ | ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠳᠣᠤᠷᠠᠬᠢ ᠪᠠᠶᠢᠭᠠᠯᠢ ᠬᠥᠮᠦᠨ ᠤ ᠦᠨᠳᠦᠰᠦᠨ ᠲᠤᠭ᠎ᠠ | ᠪᠠᠷᠢᠮᠲᠠ ᠶᠢ ᠴᠤᠭᠯᠠᠭᠤᠯᠬᠤ ᠬᠡᠷᠡᠭᠲᠡᠶ᠄ | ︵ᠨᠢᠭᠡ︶ ᠡᠷᠦᠬᠡ ᠠᠮᠠ ᠶᠢᠨ ᠳᠠᠩᠰᠠᠯᠠᠯ ᠤᠨ ᠲᠤᠭ᠎ᠠ ᠪᠠᠷᠢᠮᠲᠠ ᠶᠢ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠠᠷᠢᠭᠤᠴᠠᠨ᠎ᠠ᠃ | ︵ᠬᠤᠶᠠᠷ︶ ᠨᠡᠭᠦᠳᠡᠯ ᠬᠥᠮᠦᠨ ᠠᠮᠠ ᠶᠢᠨ ᠣᠷᠣᠰᠢᠨ ᠰᠠᠭᠤᠬᠤ ᠶᠢ ᠳᠠᠩᠰᠠᠯᠠᠬᠤ᠂ ᠣᠷᠣᠰᠢᠨ ᠰᠠᠭᠤᠬᠤ ᠶᠢ | ᠬᠤᠪᠢᠷᠠᠭᠤᠯᠬᠤ ᠳᠠᠩᠰᠠᠯᠠᠯ ᠪᠠ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠲᠤᠭ᠎ᠠ ᠪᠠᠷᠢᠮᠲᠠ ᠶᠢ ᠨᠡᠭᠦᠳᠡᠯ ᠬᠥᠮᠦᠨ | ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠭᠰᠡᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ᠎ᠠ᠃ | ︵ᠭᠤᠷᠪᠠ︶ ᠰᠠᠭᠤᠭᠠᠯᠢ ᠠᠷᠠᠳ ᠤᠨ ᠤᠷᠤᠭ ᠤᠨ ᠳᠠᠩᠰᠠᠯᠠᠯ ᠤᠨ ᠲᠤᠭ᠎ᠠ ᠪᠠᠷᠢᠮᠲᠠ ᠶᠢ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ᠃ | ︵ᠲᠦᠷᠪᠡ︶ ᠲᠥᠷᠥᠭᠰᠡᠨ ᠪᠠ ᠦᠬᠦᠭᠰᠡᠨ ᠢ ᠳᠠᠩᠰᠠᠯᠠᠭᠰᠠᠨ ᠲᠤᠭ᠎ᠠ ᠪᠠᠷᠢᠮᠲᠠ ᠶᠢ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠨ᠎ᠠ᠃ | ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ᠃ | ︵ᠵᠢᠷᠭᠤᠭ᠎ᠠ︶ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠪᠠ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠲᠤᠭ᠎ᠠ ᠪᠠᠷᠢᠮᠲᠠ ᠶᠢ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ | ︵ᠳᠤᠯᠤᠭ᠎ᠠ︶ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢ ᠰᠤᠷᠭᠠᠨ ᠬᠥᠮᠦᠵᠢᠯ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠠᠴᠠ ᠬᠠᠷᠢᠭᠤᠴᠠᠨ᠎ᠠ︔ | ︵ᠨᠠᠢᠮᠠ︶ ᠵᠡᠮᠳᠡᠭᠴᠦᠳ ᠢ ᠳᠠᠩᠰᠠᠯᠠᠭᠰᠠᠨ ᠲᠤᠭ᠎ᠠ ᠪᠠᠷᠢᠮᠲᠠ ᠶᠢ ᠵᠡᠮᠳᠡᠭᠴᠦᠳ ᠤᠨ ᠠᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃ | ︵ᠶᠢᠰᠦ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠳᠠᠩᠰᠠᠯᠠᠭᠰᠠᠨ | ᠲᠤᠭ᠎ᠠ ᠪᠠᠷᠢᠮᠲᠠ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ᠎ᠠ︔ | ︵ᠠᠷᠪᠠ︶ ᠬᠤᠯᠪᠣᠭᠳᠠᠯ ᠪᠦᠬᠦᠢ ᠬᠢᠷᠢ ᠭᠡᠮ ᠤᠨ ᠦᠨᠡᠮᠯᠡᠯ ᠪᠣᠯᠤᠨ ᠠᠵᠢᠯ ᠡᠷᠬᠢᠯᠡᠬᠦ ᠦᠨᠡᠮᠯᠡᠯ ᠤᠨ ᠲᠤᠭ᠎ᠠ | ᠪᠠᠷᠢᠮᠲᠠ ᠶᠢ ᠲᠤᠰ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠪᠣᠯᠤᠨ ᠠᠵᠢᠯ ᠡᠷᠬᠢᠯᠡᠬᠦ ᠦᠨᠡᠮᠯᠡᠯ ᠣᠯᠭᠤᠭᠰᠠᠨ | ᠨᠢᠭᠡᠴᠢ ᠠᠴᠠ ᠬᠠᠷᠢᠭᠤᠴᠠᠨ᠎ᠠ︔ | ︵ᠠᠷᠪᠠᠨ ᠨᠢᠭᠡ︶ ᠦᠯᠦ ᠬᠥᠳᠡᠯᠬᠦ ᠬᠥᠷᠥᠩᠭᠡ ᠶᠢᠨ ᠳᠠᠩᠰᠠᠯᠠᠭᠰᠠᠨ ᠲᠤᠭ᠎ᠠ ᠪᠠᠷᠢᠮᠲᠠ ᠶᠢ ᠪᠠᠶᠢᠭᠠᠯᠢ ᠶᠢᠨ | ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃ | ᠠᠷᠪᠠᠨ ᠳᠥᠷᠪᠡᠳᠦᠭᠡᠷ ᠵᠦᠢᠯ ᠬᠠᠤᠯᠢ ᠶᠢᠨ ᠡᠷᠬᠡᠲᠡᠨ ᠪᠣᠯᠤᠨ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ | ᠲᠦᠯᠦᠭᠡᠨ ᠤ ᠨᠣᠮᠧᠷ ᠢᠶᠠᠷ ᠴᠤᠷ ᠤᠨ ᠭᠠᠭᠴᠠ ᠲᠡᠮᠳᠡᠭ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ | ᠲᠦᠯᠦᠭᠡᠨ ᠤ ᠨᠣᠮᠧᠷ ᠤᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠨᠢᠭᠡᠳᠦᠯᠲᠡᠶ ᠬᠠᠮᠢᠶᠠᠷᠬᠤ ᠬᠡᠷᠡᠭᠲᠡᠶ᠃ | ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠳᠣᠤᠷᠠᠬᠢ ᠬᠠᠤᠯᠢ ᠶᠢᠨ ᠡᠷᠬᠡᠲᠡᠨ ᠪᠣᠯᠤᠨ | ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠲᠤᠭ᠎ᠠ ᠪᠠᠷᠢᠮᠲᠠ ᠶᠢ ᠴᠤᠭᠯᠠᠭᠤᠯᠬᠤ | ᠬᠡᠷᠡᠭᠲᠡᠶ᠄ | ︵ᠨᠢᠭᠡ︶ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ | ︵ᠬᠤᠶᠠᠷ︶ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ | ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ | ︵ᠭᠤᠷᠪᠠ︶ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠪᠠᠶᠢᠭᠤᠯᠤᠮᠵᠢ ᠶᠢᠨ ᠣᠷᠣᠨ ᠲᠤᠭ᠎ᠠ ᠶᠢᠨ | ᠰᠠᠯᠠᠭ᠎ᠠ ᠮᠥᠴᠢᠷ ᠠᠴᠠ ᠪᠠᠶᠢᠭᠤᠯᠤᠮᠵᠢ ᠶᠢᠨ ᠣᠷᠣᠨ ᠲᠤᠭ᠎ᠠ ᠶᠢ ᠰᠢᠭᠤᠳ ᠬᠠᠮᠢᠶᠠᠷᠬᠤ ᠣᠯᠠᠨ ᠲᠦᠮᠡᠨ ᠤ ᠪᠦᠯᠬᠦᠮ | ᠵᠡᠷᠭᠡ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠪᠠᠶᠢᠭᠤᠯᠤᠮᠵᠢ ᠶᠢᠨ ᠣᠷᠣᠨ | ᠲᠤᠭ᠎ᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ | ︵ᠲᠦᠷᠪᠡ︶ ᠬᠠᠤᠯᠢᠴᠢ ᠶᠢᠨ ᠠᠵᠢᠯ ᠡᠷᠬᠢᠯᠡᠬᠦ ᠪᠠᠶᠢᠭᠤᠯᠤᠮᠵᠢ᠂ ᠠᠯᠪᠠᠨ ᠭᠡᠷᠡᠴᠢᠯᠡᠭᠡ ᠶᠢᠨ ᠭᠠᠵᠠᠷ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢ ᠴᠠᠭᠠᠵᠠ ᠶᠢᠨ ᠬᠢᠨᠠᠨ | ᠲᠣᠭᠲᠠᠭᠠᠬᠤ ᠪᠠᠶᠢᠭᠤᠯᠤᠮᠵᠢ᠂ ᠬᠥᠨᠳᠡᠯᠡᠨ ᠠᠴᠠ ᠲᠠᠰᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ | ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ | ︵ᠲᠠᠪᠤ︶ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠳᠠᠩᠰᠠᠯᠠᠭᠰᠠᠨ ᠲᠤᠭ᠎ᠠ ᠪᠠᠷᠢᠮᠲᠠ ᠶᠢ | ᠱᠠᠰᠢᠨ ᠰᠤᠷᠲᠠᠬᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔ | ︵ᠵᠢᠷᠭᠤᠭ᠎ᠠ︶ ᠦᠨᠳᠦᠰᠦᠨ ᠱᠠᠲᠤᠨ ᠤ ᠠᠵᠢᠯᠴᠢᠨ ᠤ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ | ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠠᠵᠢᠯᠴᠢᠨ ᠤ ᠶᠡᠷᠦᠩᠬᠡᠶ ᠡᠪᠯᠡᠯ ᠠᠴᠠ ᠬᠠᠷᠢᠭᠤᠴᠠᠨ᠎ᠠ︔ | ︵ᠳᠤᠯᠤᠭ᠎ᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ | ᠬᠠᠷᠢᠭᠤᠴᠠᠨ᠎ᠠ︔ | ︵ᠨᠠᠢᠮᠠ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ | ᠲᠦᠯᠦᠭᠡᠨ ᠤ ᠨᠣᠮᠧᠷ ᠤᠨ ᠮᠡᠳᠡᠭᠡ ᠵᠠᠩᠭᠢ ᠶᠢ ᠬᠠᠷᠭᠤᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠤᠭ᠎ᠠ | ᠪᠠᠷᠢᠮᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯᠯᠠᠭᠤᠯᠬᠤ᠂ ᠬᠠᠮᠠᠭᠠᠯᠠᠬᠤ ᠶᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃ | ︵ᠶᠢᠰᠦ︶ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠳᠠᠩᠰᠠᠯᠠᠭᠤᠯᠤᠭᠰᠠᠨ | ᠲᠤᠭ᠎ᠠ ᠪᠠᠷᠢᠮᠲᠠ ᠶᠢ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃ | ᠠᠷᠪᠠᠨ ᠲᠠᠪᠤᠳᠤᠭᠠᠷ ᠵᠦᠢᠯ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ | ᠠᠵᠤ ᠠᠬᠤᠶ᠂ ᠤᠢ ᠰᠢᠭᠤᠶ ᠪᠠ ᠨᠤᠲᠤᠭ ᠪᠡᠯᠴᠢᠭᠡᠷ᠂ ᠴᠠᠭ ᠠᠭᠤᠷ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠ ᠬᠤᠯᠪᠣᠭᠳᠠᠯ | ᠪᠦᠬᠦᠢ ᠰᠤᠳᠤᠯᠭᠠᠨ ᠢ ᠡᠷᠬᠢᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠨᠦᠭᠦᠳ ᠬᠠᠤᠯᠢ ᠳᠤ ᠲᠣᠭᠲᠠᠭᠠᠭᠰᠠᠨ | ᠡᠷᠬᠡ ᠲᠤᠰᠢᠶᠠᠯ ᠢᠶᠠᠨ ᠦᠨᠳᠦᠰᠦᠯᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ᠂ ᠭᠠᠵᠠᠷ | ᠰᠢᠷᠣᠶ᠂ ᠠᠭᠤᠷᠬᠠᠢ ᠶᠢᠨ ᠭᠠᠷᠤᠯᠲᠠ᠂ ᠤᠢ ᠰᠢᠭᠤᠶ᠂ ᠪᠡᠯᠴᠢᠭᠡᠷ᠂ ᠨᠤᠭᠤ ᠭᠠᠵᠠᠷ᠂ ᠤᠰᠤ᠂ ᠵᠢᠭᠠᠰᠤᠨ ᠦᠢᠯᠡᠰ᠂ | ᠬᠡᠭᠡᠷ᠎ᠡ ᠶᠢᠨ ᠠᠮᠢᠲᠠᠨ᠂ ᠠᠭᠤᠷ ᠠᠮᠢᠰᠬᠤᠯ᠂ ᠴᠠᠭ ᠠᠭᠤᠷ ᠵᠢᠴᠢ ᠭᠡᠷ ᠪᠠᠶᠢᠰᠢᠩ ᠤᠨ ᠪᠠᠷᠢᠯᠭ᠎ᠠ᠂ ᠭᠠᠵᠠᠷ ᠳᠣᠣᠷᠠᠬᠢ | ᠬᠤᠭᠤᠯᠠᠢ᠂ ᠬᠤᠳᠠ ᠶᠢᠨ ᠤᠭᠰᠠᠷᠠᠭ᠎ᠠ ᠲᠤᠨᠤᠭ ᠵᠡᠷᠭᠡ ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠵᠠᠶ ᠶᠢᠨ ᠭᠠᠵᠠᠷ | ᠵᠦᠢ ᠶᠢᠨ ᠦᠨᠳᠦᠰᠦᠨ ᠲᠤᠭ᠎ᠠ ᠪᠠᠷᠢᠮᠲᠠ ᠶᠢ ᠴᠤᠭᠯᠠᠭᠤᠯᠵᠤ ᠬᠢᠨᠠᠨ ᠵᠥᠪᠰᠢᠶᠡᠷᠡᠬᠦ ᠪᠠ ᠬᠠᠩᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠪᠠᠶᠢᠭᠠᠯᠢ ᠬᠥᠮᠦᠨ | ᠂ ᠬᠠᠤᠯᠢ ᠶᠢᠨ ᠡᠷᠬᠡᠲᠡᠨ᠂ ᠡᠯᠧᠺᠲᠷᠣᠨ ᠦᠨᠡᠮᠯᠡᠯ᠂ ᠨᠡᠶᠢᠭᠡᠮ ᠤᠨ ᠢᠲᠡᠭᠡᠮᠵᠢ᠂ ᠪᠠᠶᠢᠭᠠᠯᠢ ᠶᠢᠨ ᠡᠬᠢ ᠪᠠᠶᠠᠯᠢᠭ | ᠪᠣᠯᠤᠨ ᠣᠷᠣᠨ ᠵᠠᠶ ᠶᠢᠨ ᠭᠠᠵᠠᠷ ᠵᠦᠢ ᠵᠡᠷᠭᠡ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ ᠵᠢᠴᠢ ᠬᠠᠮᠢᠶ᠎ᠠ ᠪᠦᠬᠦᠢ | ᠭᠤᠤᠯ ᠰᠡᠳᠦᠪ ᠤᠨ ᠬᠥᠮᠥᠷᠭᠡ᠂ ᠲᠤᠰᠬᠠᠶ ᠰᠡᠳᠦᠪ ᠤᠨ ᠬᠥᠮᠥᠷᠭᠡ ᠶᠢ ᠪᠦᠲᠦᠭᠡᠨ ᠪᠠᠶᠢᠭᠤᠯᠬᠤ ᠪᠠ ᠬᠠᠮᠢᠶᠠᠷᠬᠤ | ᠬᠡᠷᠡᠭᠲᠡᠶ︔ ᠥᠪᠡᠷᠲᠡᠭᠡᠨ ᠵᠠᠰᠠᠬᠤ ᠣᠷᠣᠨ ᠠᠴᠠ ᠲᠤᠭ᠎ᠠ ᠪᠠᠷᠢᠮᠲᠠ ᠪᠤᠴᠠᠭᠠᠨ ᠭᠤᠶᠤᠴᠢᠯᠠᠬᠤ ᠴᠢᠬᠤᠯᠠ ᠲᠠᠢ ᠪᠣᠯ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ᠂ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠳᠡᠭᠡᠳᠦ ᠱᠠᠲᠤᠨ ᠤ | ᠰᠠᠯᠠᠭ᠎ᠠ ᠮᠥᠴᠢᠷ ᠠᠴᠠ ᠭᠤᠶᠤᠴᠢᠯᠠᠨ᠎ᠠ᠃ | ᠳᠥᠷᠪᠡᠳᠦᠭᠡᠷ ᠪᠦᠯᠦᠭ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ | ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠭᠤᠶᠤᠴᠢᠯᠠᠯ ᠤᠨ ᠨᠢᠭᠡᠳᠦᠯᠲᠡᠢ | ᠲᠣᠭᠲᠠᠴᠠ᠂ ᠬᠢᠨᠠᠨ ᠵᠥᠪᠰᠢᠶᠡᠷᠡᠬᠦ ᠲᠣᠭᠲᠠᠴᠠ ᠪᠣᠯᠣᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ︾ ᠶᠢᠨ ᠨᠠᠷᠢᠨ | ᠬᠠᠭᠤᠳᠠᠰᠤᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ︽ | ᠬᠠᠮᠲᠤ ᠪᠠᠷ ᠡᠳ᠋ᠯᠡᠬᠦ ᠪᠠᠷ ᠵᠠᠷᠴᠢᠮ ᠪᠤᠯᠭᠠᠨ᠂ ᠬᠠᠮᠲᠤ ᠪᠠᠷ ᠡᠳ᠋ᠯᠡᠬᠦ ᠦᠭᠡᠶ ᠶᠢ ᠣᠨᠴᠠᠭᠠᠶ ᠪᠠᠶᠢᠳᠠᠯ ᠪᠣᠯᠭᠠᠬᠤ︾ | ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠦᠨ᠎ᠡ ᠲᠥᠯᠥᠪᠦᠷᠢ ᠦᠭᠡᠶ ᠪᠠᠷ ᠬᠠᠮᠲᠤ ᠪᠠᠷ | ᠡᠳ᠋ᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠢᠨᠵᠢ | ᠴᠢᠨᠠᠷ ᠢᠶᠠᠷ ᠨᠢ ᠨᠦᠬᠦᠴᠡᠯ ᠦᠭᠡᠢ ᠪᠠᠷ ᠬᠠᠮᠲᠤ ᠪᠠᠷ ᠡᠳ᠋ᠯᠡᠬᠦ᠂ ᠨᠦᠬᠦᠴᠡᠯ ᠲᠠᠢ ᠪᠠᠷ ᠬᠠᠮᠲᠤ ᠪᠠᠷ ᠡᠳ᠋ᠯᠡᠬᠦ ᠪᠠ | ᠬᠠᠮᠲᠤ ᠪᠠᠷ ᠡᠳ᠋ᠯᠡᠬᠦ ᠦᠭᠡᠢ ᠭᠡᠵᠦ 3 ᠲᠥᠷᠥᠯ ᠬᠤᠪᠢᠶᠠᠨ᠎ᠠ᠃ | ︵ᠨᠢᠭᠡ︶ ᠠᠯᠢᠪᠠ ᠤᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ | ᠬᠠᠩᠭᠠᠵᠤ ᠬᠠᠮᠲᠤ ᠪᠠᠷ ᠡᠳ᠋ᠯᠡᠵᠦ ᠪᠣᠯᠬᠤ ᠤᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠥᠬᠦᠴᠡᠯ ᠦᠭᠡᠢ ᠪᠠᠷ | ᠬᠠᠮᠲᠤ ᠪᠠᠷ ᠡᠳ᠋ᠯᠡᠬᠦ ᠲᠥᠷᠥᠯ ᠳᠤ ᠬᠠᠷᠢᠶᠠᠯᠠᠭᠳᠠᠨ᠎ᠠ᠃ | ︵ᠬᠤᠶᠠᠷ︶ ᠵᠣᠬᠢᠬᠤ ᠨᠥᠬᠦᠴᠡᠯ ᠶᠣᠰᠣᠭᠠᠷ ᠬᠤᠯᠪᠣᠭᠳᠠᠯ ᠪᠦᠬᠦᠢ ᠤᠯᠠᠨ ᠨᠡᠶᠢᠲᠡ ᠶᠢᠨ ᠬᠠᠮᠢᠶᠠᠷᠤᠯᠲᠠ ᠪᠠ | ᠦᠢᠯᠡᠴᠢᠯᠡᠭᠡᠨ ᠤ ᠪᠠᠶᠢᠭᠤᠯᠤᠮᠵᠢ ᠳᠤ ᠬᠡᠷᠡᠭᠯᠡᠭᠦᠯᠬᠦ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠥᠬᠦᠴᠡᠯ ᠲᠠᠢ | ᠬᠠᠮᠲᠤ ᠪᠠᠷ ᠡᠳ᠋ᠯᠡᠬᠦ ᠲᠦᠷᠦᠯ ᠳᠤ ᠬᠠᠷᠢᠶᠠᠯᠠᠭᠳᠠᠨ᠎ᠠ᠃ | ︵ᠭᠤᠷᠪᠠ︶ ᠪᠤᠰᠤᠳ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ | ᠬᠠᠩᠭᠠᠵᠤ ᠬᠠᠮᠲᠤ ᠪᠠᠷ ᠡᠳ᠋ᠯᠡᠬᠦ ᠳᠤ ᠲᠣᠬᠢᠷᠠᠬᠤ ᠦᠭᠡᠢ ᠣᠯᠠᠨ ᠨᠡᠶᠢᠲᠡ ᠶᠢᠨ ᠲᠤᠭ᠎ᠠ ᠪᠠᠷᠢᠮᠲᠠ ᠨᠢ ᠬᠠᠮᠲᠤ ᠪᠠᠷ | ᠡᠳ᠋ᠯᠡᠬᠦ ᠦᠭᠡᠢ ᠲᠥᠷᠥᠯ ᠳᠤ ᠬᠠᠷᠢᠶᠠᠯᠠᠭᠳᠠᠨ᠎ᠠ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠳᠤ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠲᠤ ᠪᠠᠷ ᠡᠳ᠋ᠯᠡᠬᠦ ᠲᠥᠷᠥᠯ ᠪᠣᠯᠤᠨ ᠱᠠᠭᠠᠷᠳᠠᠯᠭ᠎ᠠ ᠶᠢ ᠲᠣᠭᠲᠠᠭᠠᠬᠤ ᠬᠡᠷᠡᠭᠲᠡᠶ | ᠃ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠥᠬᠡᠶ ᠪᠣᠯ᠂ ᠨᠥᠬᠦᠴᠡᠯ ᠥᠬᠡᠶ ᠪᠠᠷ | ᠬᠠᠮᠲᠤ ᠪᠠᠷ ᠡᠳ᠋ᠯᠡᠬᠦ ᠬᠡᠷᠡᠭᠲᠡᠶ︔ ᠨᠥᠬᠦᠴᠡᠯ ᠲᠠᠢ ᠪᠠᠷ ᠬᠠᠮᠲᠤ ᠪᠠᠷ ᠡᠳ᠋ᠯᠡᠬᠦ᠂ ᠬᠠᠮᠲᠤ ᠪᠠᠷ ᠡᠳ᠋ᠯᠡᠬᠦ ᠥᠬᠡᠶ | ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠵᠢᠭᠰᠠᠭᠠᠬᠤ ᠳᠤ ᠪᠠᠨ᠂ ᠬᠠᠷᠠᠭᠠᠯᠵᠠᠭᠰᠠᠨ ᠬᠠᠤᠯᠢ ᠴᠠᠭᠠᠵᠠ | ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠶᠢ ᠲᠣᠳᠣᠷᠬᠠᠶᠢᠯᠠᠬᠤ ᠬᠡᠷᠡᠭᠲᠡᠶ︔ ᠨᠥᠬᠦᠴᠡᠯ ᠲᠠᠢ ᠬᠠᠮᠲᠤ ᠪᠠᠷ | ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠵᠢᠭᠰᠠᠭᠠᠬᠤ ᠳᠤ ᠪᠠᠨ᠂ ᠬᠠᠮᠲᠤ ᠪᠠᠷ ᠡᠳ᠋ᠯᠡᠬᠦ ᠨᠥᠬᠦᠴᠡᠯ ᠢ | ᠲᠣᠳᠣᠷᠬᠠᠶᠢᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠬᠠᠮᠲᠤ ᠪᠠᠷ ᠡᠳ᠋ᠯᠡᠬᠦ ᠰᠢᠨᠵᠢ ᠴᠢᠨᠠᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠲᠣᠭᠲᠠᠭᠠᠬᠤ ᠶᠢᠨ ᠬᠠᠮᠲᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ︔ ᠨᠥᠬᠦᠴᠡᠯ ᠲᠠᠢ | ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠦᠨᠡᠯᠡᠨ | ᠵᠢᠱᠢᠵᠦ᠂ ᠦᠨᠡᠯᠡᠨ ᠵᠢᠱᠢᠬᠦ ᠪᠠᠷ ᠳᠠᠮᠵᠢᠭᠠᠳ ᠨᠥᠬᠦᠴᠡᠯ ᠦᠭᠡᠢ ᠪᠠᠷ ᠬᠠᠮᠲᠤ ᠪᠠᠷ ᠡᠳ᠋ᠯᠡᠬᠦ ᠰᠢᠨᠵᠢ ᠴᠢᠨᠠᠷ ᠢ | ᠪᠦᠷᠢᠯᠳᠦᠭᠦᠯᠦᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠨᠥᠬᠦᠴᠡᠯ ᠦᠭᠡᠢ ᠪᠠᠷ | ᠬᠠᠮᠲᠤ ᠪᠠᠷ ᠡᠳ᠋ᠯᠡᠬᠦ ᠲᠥᠷᠥᠯ ᠪᠣᠯᠭᠠᠨ ᠬᠤᠪᠢᠷᠠᠭᠤᠯᠬᠤ ᠬᠡᠷᠡᠭᠲᠡᠢ᠃ | ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠳᠣᠷᠬᠠᠶ ᠲᠣᠭᠲᠠᠭᠠᠯ ᠲᠠᠢ ᠶᠢ ᠭᠠᠷᠭᠠᠪᠠᠯ᠂ ᠬᠠᠮᠲᠤ ᠪᠠᠷ | ᠡᠳ᠋ᠯᠡᠬᠦ ᠥᠬᠡᠶ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠤᠯᠢ ᠶᠣᠰᠣᠭᠠᠷ ᠬᠠᠷᠰᠢᠮᠠᠲᠠᠭᠠᠶ ᠶᠢ | ᠲᠠᠶᠢᠯᠤᠭᠰᠠᠨ ᠤ ᠳᠠᠷᠠᠭ᠎ᠠ ᠨᠥᠬᠦᠴᠡᠯ ᠲᠠᠢ ᠬᠠᠮᠲᠤ ᠪᠠᠷ ᠡᠳ᠋ᠯᠡᠬᠦ ᠲᠥᠷᠥᠯ ᠪᠤᠶᠤ ᠨᠥᠬᠦᠴᠡᠯ ᠦᠭᠡᠢ ᠪᠠᠷ ᠬᠠᠮᠲᠤ ᠪᠠᠷ | ᠡᠳ᠋ᠯᠡᠬᠦ ᠲᠥᠷᠥᠯ ᠪᠣᠯᠭᠠᠨ ᠬᠤᠪᠢᠷᠠᠭᠤᠯᠵᠤ ᠪᠣᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠬᠠᠷᠰᠢᠮᠠᠳᠠᠭᠠᠶ ᠶᠢ ᠲᠠᠶᠢᠯᠬᠤ ᠳᠦᠷᠢᠮ ᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ | ᠲᠣᠭᠲᠠᠭᠠᠨ᠎ᠠ᠃ | ᠬᠤᠷᠢᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ | ︽ᠠᠬᠤᠢ ᠨᠢ ᠲᠣᠳᠣᠷᠬᠠᠢ᠂ ᠬᠠᠮᠤᠭ ᠤᠨ ᠪᠠᠭ᠎ᠠ ᠬᠡᠷᠡᠭᠯᠡᠵᠦ ᠭᠦᠢᠴᠡᠭᠦ᠂ ᠵᠢᠷᠤᠮᠵᠢᠭᠤᠨ ᠬᠡᠷᠡᠭᠯᠡᠬᠦ᠂ ᠲᠤᠰᠬᠠᠢ | ᠶᠠᠪᠤᠳᠠᠯ ᠳᠤ ᠲᠤᠰᠬᠠᠢ ᠬᠡᠷᠡᠭᠯᠡᠬᠦ︾ ᠪᠠᠷ ᠵᠠᠷᠴᠢᠮ ᠪᠣᠯᠭᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠬᠤ ᠶᠢᠨ ᠬᠠᠮᠲᠤ ᠲᠡᠭᠦᠨ ᠤ ᠦᠨᠡᠨ ᠪᠣᠳᠠᠲᠤ ᠴᠢᠨᠠᠷ᠂ | ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ ᠢ ᠠᠮᠠᠯᠠᠨ᠎ᠠ︔ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ | ᠣᠯᠤᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠤᠰ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠶᠢ | ᠠᠮᠠᠯᠳᠠᠬᠤ ᠬᠡᠷᠡᠭᠲᠡᠢ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠠᠴᠠ | ᠭᠠᠳᠠᠨ᠎ᠠ᠂ ᠶᠠᠮᠠᠷᠪᠠ ᠬᠡᠯᠪᠡᠷᠢ ᠪᠠᠷ ᠭᠤᠷᠪᠠᠳᠠᠬᠢ ᠡᠲᠡᠭᠡᠳ ᠲᠤ ᠬᠠᠩᠭᠠᠵᠤ ᠪᠣᠯᠬᠤ ᠦᠭᠡᠢ᠂ ᠪᠤᠰᠤᠳ ᠵᠣᠷᠢᠯᠭ᠎ᠠ ᠳᠤ | ᠬᠡᠷᠡᠭᠯᠡᠵᠦ ᠪᠣᠯᠬᠤ ᠦᠭᠡᠢ᠃ | ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠤᠨ ᠬᠢᠨ ᠬᠠᠮᠲᠤ ᠪᠠᠷ ᠡᠳ᠋ᠯᠡᠬᠦ ᠨᠥᠬᠦᠴᠡᠯ ᠤᠨ ᠲᠤᠭᠲᠠᠭᠠᠯ ᠵᠢᠴᠢ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠶᠢ ᠦᠨᠳᠦᠰᠦᠯᠡᠨ ᠬᠢᠨᠠᠨ ᠬᠠᠷᠭᠤᠭᠤᠯᠵᠤ᠂ ᠬᠡᠷᠡᠭᠯᠡᠭᠡᠨ ᠤ | ᠲᠤᠬᠠᠶᠢᠯᠠᠭᠰᠠᠨ ᠠᠵᠢᠯ ᠤᠨ ᠲᠠᠯᠠᠪᠤᠷ᠂ ᠬᠡᠷᠡᠭᠯᠡᠬᠦ ᠨᠢᠭᠡᠴᠢ᠂ ᠬᠡᠷᠡᠭᠰᠡᠬᠦ ᠲᠤᠭ᠎ᠠ ᠪᠠᠷᠢᠮᠲᠠ᠂ ᠬᠠᠮᠲᠤ ᠪᠠᠷ ᠡᠳ᠋ᠯᠡᠬᠦ | ᠵᠠᠭᠪᠤᠷ᠂ ᠳᠠᠭᠤᠰᠬᠤ ᠴᠠᠭ ᠵᠡᠷᠭᠡ ᠡᠯᠧᠮᠧᠨ᠋ᠲ ᠢ ᠬᠢᠨᠠᠨ ᠲᠣᠭᠲᠠᠭᠠᠵᠤ᠂ ᠬᠠᠮᠤᠭ ᠤᠨ ᠪᠠᠭ᠎ᠠ ᠡᠷᠬᠡ ᠣᠯᠭᠤᠬᠤ | ᠵᠠᠷᠴᠢᠮ ᠶᠣᠰᠣᠭᠠᠷ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ᠂ ᠠᠮᠤᠷ ᠲᠦᠪᠰᠢᠨ ᠢᠶᠠᠷ | ᠬᠠᠮᠲᠤ ᠪᠠᠷ ᠡᠳ᠋ᠯᠡᠬᠦ ᠶᠢ ᠦᠨᠡᠨᠬᠦ ᠪᠠᠲᠤᠯᠠᠨ᠎ᠠ᠃ | ᠬᠤᠷᠢᠨ ᠨᠢᠭᠡᠳᠦᠭᠡᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ | ᠨᠥᠬᠦᠴᠡᠯ ᠦᠭᠡᠶ ᠪᠠᠷ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠰᠢᠭᠤᠳ ᠲᠤᠰ ᠱᠠᠲᠤᠨ ᠤ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠨ ᠭᠤᠶᠤᠴᠢᠯᠠᠨ ᠣᠯᠵᠤ ᠪᠣᠯᠣᠨ᠎ᠠ᠃ | ᠬᠠᠮᠲᠤ ᠪᠠᠷ ᠡᠳ᠋ᠯᠡᠬᠦ ᠨᠥᠬᠦᠴᠡᠯ ᠢ ᠪᠦᠷᠢᠳᠦᠭᠦᠯᠦᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠠᠨ | ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠱᠠᠲᠤᠨ ᠤ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠲᠤ ᠬᠠᠮᠲᠤ ᠪᠠᠷ | ᠡᠳ᠋ᠯᠡᠬᠦ ᠭᠤᠶᠤᠴᠢᠯᠠᠯ ᠳᠤᠷᠠᠳᠴᠤ᠂ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ | ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠠᠮᠲᠤ ᠪᠠᠷ ᠡᠳ᠋ᠯᠡᠬᠦ ᠶᠢ ᠵᠥᠪᠰᠢᠶᠡᠷᠡᠪᠡᠯ᠂ ᠲᠤᠭ᠎ᠠ ᠪᠠᠷᠢᠮᠲᠠ ᠶᠢᠨ | ᠰᠠᠯᠠᠭ᠎ᠠ ᠮᠥᠴᠢᠷ ᠨᠢ ᠬᠠᠷᠢᠭᠤᠯᠲᠠ ᠥᠭᠭᠦᠭᠰᠡᠨ ᠡᠳᠦᠷ ᠠᠴᠠ 5 ᠠᠵᠢᠯᠯᠠᠬᠤ ᠡᠳᠦᠷ ᠤᠨ ᠳᠣᠲᠣᠷ᠎ᠠ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ︔ ᠬᠠᠮᠲᠤ ᠪᠠᠷ ᠡᠳ᠋ᠯᠡᠬᠦ ᠶᠢ ᠲᠡᠪᠴᠢᠪᠡᠯ᠂ ᠬᠠᠤᠯᠢ | ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠬᠠᠩᠭᠠᠬᠤ ᠬᠡᠷᠡᠭᠲᠡᠶ᠃ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠲᠠᠪᠴᠠᠩ ᠨᠢ ᠠᠬᠢᠴᠠ ᠶᠢ ᠯᠠᠪᠯᠠᠨ ᠪᠠᠶᠢᠴᠠᠭᠠᠬᠤ ᠴᠢᠳᠠᠪᠤᠷᠢ ᠬᠠᠩᠭᠠᠬᠤ ᠶᠢᠨ ᠬᠠᠮᠲᠤ ᠬᠤᠭᠤᠴᠠᠭ᠎ᠠ | ᠲᠤᠯᠬᠤ ᠠᠴᠠ ᠡᠮᠦᠨ᠎ᠡ ᠭᠦᠢᠴᠡᠳᠬᠡᠬᠦ ᠶᠢ ᠰᠠᠨᠠᠭᠤᠯᠵᠤ ᠪᠣᠯᠤᠨ᠎ᠠ᠃ | ᠬᠠᠮᠲᠤ ᠪᠠᠷ ᠡᠳ᠋ᠯᠡᠬᠦ ᠥᠬᠡᠶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠬᠠᠮᠢᠶᠠᠷᠤᠯᠲᠠ | ᠪᠠ ᠦᠢᠯᠡᠴᠢᠯᠡᠭᠡᠨ ᠤ ᠪᠠᠶᠢᠭᠤᠯᠤᠮᠵᠢ ᠠᠴᠠ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠲᠤ | ᠬᠠᠷᠭᠤᠭᠤᠯᠤᠨ ᠬᠠᠷᠢᠴᠠᠭᠤᠯᠬᠤ ᠬᠡᠷᠡᠭᠴᠡᠭᠡ ᠱᠠᠭᠠᠷᠳᠠᠯᠭ᠎ᠠ ᠳᠤᠷᠠᠳᠴᠤ ᠪᠤᠯᠤᠨ᠎ᠠ᠂ ᠲᠤᠭ᠎ᠠ ᠪᠠᠷᠢᠮᠲᠠ ᠶᠢᠨ ᠰᠠᠯᠠᠭ᠎ᠠ | ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠴᠦ᠂ ᠵᠣᠬᠢᠬᠤ ᠠᠷᠭ᠎ᠠ ᠮᠠᠶ᠋ᠢᠭ ᠢᠶᠠᠷ ᠴᠠᠭ | ᠲᠤᠬᠠᠢ ᠳᠤ ᠨᠢ ᠬᠠᠮᠵᠢᠯᠴᠠᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠶᠢ ᠪᠠᠭᠲᠠᠭᠠᠬᠤ ᠦᠭᠡᠢ᠃ | ᠬᠤᠷᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ | ᠬᠠᠮᠲᠤ ᠪᠠᠷ ᠡᠳ᠋ᠯᠡᠬᠦ ᠶᠢ ᠭᠤᠶᠤᠴᠢᠯᠠᠭᠰᠠᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠭᠠᠷᠴᠠᠭ ᠲᠤ ᠣᠷᠣᠭᠤᠯᠤᠭ᠎ᠠ ᠦᠭᠡᠢ ᠪᠣᠯ᠂ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠲᠠᠪᠴᠠᠩ ᠢᠶᠠᠷ ᠳᠠᠮᠵᠢᠭᠤᠯᠤᠨ ᠬᠡᠷᠡᠭᠴᠡᠭᠡ ᠱᠠᠭᠠᠷᠳᠠᠯᠭ᠎ᠠ ᠶᠢᠨ ᠭᠤᠶᠤᠴᠢᠯᠠᠯ ᠢᠶᠠᠨ ᠲᠤᠰᠢᠶᠠᠵᠤ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ᠂ | ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠢᠶᠠᠷ ᠨᠤᠲᠠᠯᠠᠭᠤᠯᠤᠭᠰᠠᠨ ᠤ ᠳᠠᠷᠠᠭ᠎ᠠ | ᠂ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠠᠴᠠ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠭᠠᠷᠴᠠᠭ ᠲᠤ ᠨᠥᠬᠦᠪᠥᠷᠢᠯᠡᠨ ᠣᠷᠣᠭᠤᠯᠤᠨ᠎ᠠ᠃ | ᠵᠦᠪᠰᠢᠶᠡᠷᠡᠭᠰᠡᠨ ᠮᠥᠷᠲᠡᠭᠡᠨ ᠰᠢᠭᠤᠳ ᠬᠠᠮᠲᠤ ᠪᠠᠷ ᠡᠳ᠋ᠯᠡᠵᠦ ᠪᠣᠯᠬᠤ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ 5 ᠠᠵᠢᠯᠯᠠᠬᠤ | ᠡᠳᠦᠷ ᠤᠨ ᠳᠣᠲᠣᠷ᠎ᠠ ᠬᠠᠷᠢᠭᠤᠯᠲᠠ ᠥᠭᠬᠦ ᠶᠢᠨ ᠬᠠᠮᠲᠤ᠂ ᠬᠠᠷᠢᠭᠤᠯᠲᠠ ᠥᠭᠭᠦᠭᠰᠡᠨ ᠡᠳᠦᠷ ᠠᠴᠠ ᠡᠬᠢᠯᠡᠨ 7 | ᠠᠵᠢᠯᠯᠠᠬᠤ ᠡᠳᠦᠷ ᠤᠨ ᠳᠣᠲᠣᠷ᠎ᠠ ᠲᠤᠭ᠎ᠠ ᠪᠠᠷᠢᠮᠲᠠ ᠬᠤᠷᠢᠶᠠᠩᠭᠤᠶᠢᠯᠠᠬᠤ᠂ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ | ᠬᠡᠷᠡᠭᠲᠡᠶ︔ ᠬᠠᠮᠢᠶ᠎ᠠ ᠪᠦᠬᠦᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠪᠣᠯᠪᠠᠰᠤᠷᠠᠭᠤᠯᠤᠨ ᠰᠢᠢᠳᠪᠦᠷᠢᠯᠡᠬᠦ | ᠴᠢᠬᠤᠯᠠ ᠲᠠᠢ ᠪᠣᠯ ᠬᠠᠮᠲᠤ ᠪᠠᠷ ᠡᠳ᠋ᠯᠡᠬᠦ ᠪᠣᠳᠠᠲᠠᠶ ᠴᠠᠭ ᠢ ᠮᠡᠳᠡᠭᠳᠡᠬᠦ ᠬᠡᠷᠡᠭᠲᠡᠶ︔ ᠲᠤᠭ᠎ᠠ ᠪᠠᠷᠢᠮᠲᠠ ᠨᠢ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠭᠤᠯᠳᠤ ᠰᠢᠰᠲ᠋ᠧᠮ ᠳᠤ ᠬᠠᠳᠠᠭᠠᠯᠠᠭᠳᠠᠵᠤ ᠪᠠᠶᠢᠪᠠᠯ᠂ 5 ᠠᠵᠢᠯᠯᠠᠬᠤ ᠡᠳᠦᠷ ᠤᠨ | ᠳᠣᠲᠣᠷ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠭᠤᠶᠤᠴᠢᠯᠠᠯ ᠲᠤᠰᠢᠶᠠᠨ᠂ ᠭᠤᠶᠤᠴᠢᠯᠠᠯ ᠢ | ᠵᠥᠪᠰᠢᠶᠡᠷᠡᠭᠰᠡᠨ ᠤ ᠳᠠᠷᠠᠭ᠎ᠠ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ︔ ᠬᠠᠮᠲᠤ ᠪᠠᠷ ᠡᠳ᠋ᠯᠡᠬᠦ ᠭᠤᠶᠤᠴᠢᠯᠠᠯ ᠢ | ᠵᠥᠪᠰᠢᠶᠡᠷᠡᠬᠦ ᠥᠬᠡᠶ ᠪᠠᠶᠢᠪᠠᠯ᠂ 5 ᠠᠵᠢᠯᠯᠠᠬᠤ ᠡᠳᠦᠷ ᠤᠨ ᠳᠣᠲᠣᠷ᠎ᠠ ᠤᠴᠢᠷ ᠰᠢᠯᠲᠠᠭᠠᠨ ᠢᠶᠠᠨ | ᠲᠣᠳᠣᠷᠬᠠᠶᠢᠯᠠᠬᠤ ᠶᠢᠨ ᠬᠠᠮᠲᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠷᠠᠭᠠᠯᠵᠠᠭᠰᠠᠨ ᠦᠨᠳᠦᠰᠦᠯᠡᠯ ᠢ | ᠬᠠᠩᠭᠠᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ | ᠪᠠᠶᠢᠭᠤᠯᠤᠮᠵᠢ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠤᠶᠤ ᠪᠤᠰᠤᠳ ᠠᠶᠢᠮᠠᠭ ᠬᠤᠲᠠ ᠶᠢᠨ ᠲᠠᠪᠴᠠᠩ ᠤᠨ | ᠬᠠᠮᠢᠶ᠎ᠠ ᠪᠦᠬᠦᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠶᠤᠴᠢᠯᠠᠬᠤ ᠴᠢᠬᠤᠯᠠ ᠲᠠᠢ ᠪᠣᠯ᠂ ᠲᠤᠰ ᠱᠠᠲᠤᠨ ᠤ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠨ ᠭᠤᠶᠤᠴᠢᠯᠠᠯ ᠳᠡᠪᠰᠢᠭᠦᠯᠦᠨ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠵᠤ ᠣᠯᠬᠤ | ᠬᠡᠷᠡᠭᠲᠡᠶ᠃ | ᠲᠠᠪᠤᠳᠤᠭᠠᠷ ᠪᠦᠯᠦᠭ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ | ᠬᠤᠷᠢᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ᠬᠠᠤᠯᠢ ᠶᠣᠰᠣᠭᠠᠷ᠂ ᠡᠮᠬᠢ ᠵᠢᠷᠤᠮ ᠲᠠᠢ ᠪᠠᠷ ᠨᠡᠭᠡᠭᠡᠯᠲᠡ ᠬᠢᠨ᠎ᠡ᠃ | ᠬᠤᠲᠠ ᠶᠢᠨ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ᠂ ᠲᠣᠰ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠲᠠᠢ | ᠬᠠᠮᠲᠤᠷᠠᠨ ᠵᠢᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠭᠤᠤᠯᠳᠠᠯᠭ᠎ᠠ ᠶᠢᠨ ᠨᠠᠷᠢᠨ | ᠬᠠᠭᠤᠳᠠᠰᠤ ᠶᠢ ᠲᠣᠭᠲᠠᠭᠠᠵᠤ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠨᠡᠶᠢᠭᠡᠮ ᠤᠨ ᠲᠤᠯᠭᠠᠮ᠎ᠠ | ᠬᠡᠷᠡᠭᠴᠡᠭᠡ ᠲᠠᠢ᠂ ᠠᠵᠢᠯ ᠲᠥᠷᠥᠯ ᠤᠨ ᠥᠷᠲᠡᠭ ᠨᠡᠮᠡᠭᠳᠡᠯ ᠤᠨ ᠳᠠᠯᠳᠠ ᠬᠦᠴᠦᠨ ᠢᠶᠠᠷ ᠢᠯᠡᠷᠬᠡᠶ ᠪᠠ ᠠᠵᠤ | ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠨᠢ ᠴᠢᠬᠤᠯᠠ ᠶᠡᠭᠡ ᠣᠯᠠᠨ ᠨᠡᠶᠢᠲᠡ ᠶᠢᠨ ᠲᠤᠭ᠎ᠠ | ᠪᠠᠷᠢᠮᠲᠠ ᠳᠤ ᠤᠷᠢᠳ ᠢᠶᠠᠷ ᠨᠡᠭᠡᠭᠡᠯᠲᠡ ᠬᠢᠬᠦ ᠬᠡᠷᠡᠭᠲᠡᠢ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠶ ᠬᠠᠮᠵᠢᠯᠴᠠᠨ ᠣᠯᠠᠨ | ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠠᠵᠢᠯ ᠢ ᠠᠬᠢᠭᠤᠯᠵᠤ᠂ ᠲᠤᠰ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠤᠨ ᠬᠡᠪᠴᠢᠶᠡᠨ ᠳᠣᠲᠣᠷ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ | ᠨᠡᠭᠡᠭᠡᠯᠲᠡ ᠬᠢᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠨᠡᠶᠢᠲᠡᠯᠡᠬᠦ ᠬᠡᠷᠡᠭᠲᠡᠶ᠃ | ᠬᠤᠷᠢᠨ ᠲᠠᠪᠤᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠯᠲᠡ ᠬᠢᠬᠦ ᠰᠢᠨᠵᠢ | ᠴᠢᠨᠠᠷ ᠢᠶᠠᠷ ᠨᠢ ᠨᠡᠭᠡᠭᠡᠯᠲᠡ ᠬᠢᠬᠦ ᠦᠭᠡᠢ᠂ ᠨᠥᠬᠦᠴᠡᠯ ᠲᠠᠢ ᠨᠡᠭᠡᠭᠡᠯᠲᠡ ᠬᠢᠬᠦ ᠪᠠ ᠨᠥᠬᠦᠴᠡᠯ ᠦᠭᠡᠶ ᠪᠠᠷ ᠨᠡᠭᠡᠭᠡᠯᠲᠡ | ᠬᠢᠬᠦ 3 ᠲᠥᠷᠥᠯ ᠬᠤᠪᠢᠶᠠᠨ᠎ᠠ᠃ | ︵ᠨᠢᠭᠡ︶ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠳᠤ ᠬᠤᠯᠪᠣᠭᠳᠠᠬᠤ ᠪᠤᠶᠤ ᠬᠠᠤᠯᠢ | ᠴᠠᠭᠠᠵᠠ᠂ ᠬᠠᠤᠯᠢ ᠲᠣᠭᠲᠠᠭᠠᠯ ᠳᠤ ᠨᠡᠭᠡᠭᠡᠯᠲᠡ ᠬᠢᠵᠦ ᠪᠣᠯᠬᠤ ᠦᠭᠡᠢ ᠭᠡᠵᠦ ᠲᠣᠭᠲᠠᠭᠠᠭᠰᠠᠨ ᠣᠯᠠᠨ ᠨᠡᠶᠢᠲᠡ ᠶᠢᠨ | ᠲᠤᠭ᠎ᠠ ᠪᠠᠷᠢᠮᠲᠠ ᠨᠢ ᠨᠡᠭᠡᠭᠡᠯᠲᠡ ᠬᠢᠬᠦ ᠦᠭᠡᠢ ᠲᠥᠷᠥᠯ ᠳᠤ ᠬᠠᠷᠢᠶᠠᠯᠠᠭᠳᠠᠨ᠎ᠠ︔ | ︵ᠬᠤᠶᠠᠷ︶ ᠡᠲᠡᠭᠡᠳ᠂ ᠬᠡᠷᠡᠭᠴᠡᠭᠡ᠂ ᠬᠡᠷᠡᠭᠯᠡᠬᠦ ᠬᠡᠪᠴᠢᠶ᠎ᠡ ᠵᠡᠷᠭᠡ ᠶᠢ ᠬᠢᠵᠠᠭᠠᠷ ᠲᠠᠢ ᠲᠣᠭᠲᠠᠭᠠᠭᠰᠠᠨ | ᠣᠨᠴᠠᠭᠠᠢ ᠨᠥᠬᠦᠴᠡᠯ ᠳᠣᠣᠷ᠎ᠠ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ | ᠵᠣᠬᠢᠶᠠᠨ ᠪᠠᠶᠢᠭᠤᠯᠤᠯᠲᠠ ᠳᠤ ᠬᠠᠩᠭᠠᠵᠤ ᠪᠣᠯᠬᠤ ᠤᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠥᠬᠦᠴᠡᠯ ᠲᠠᠢ | ᠨᠡᠭᠡᠭᠡᠯᠲᠡ ᠬᠢᠬᠦ ᠲᠦᠷᠦᠯ ᠳᠤ ᠬᠠᠷᠢᠶᠠᠯᠠᠭᠳᠠᠨ᠎ᠠ᠃ | ︵ᠭᠤᠷᠪᠠ︶ ᠨᠡᠭᠡᠭᠡᠯᠲᠡ ᠬᠢᠬᠦ ᠦᠭᠡᠢ ᠲᠥᠷᠥᠯ ᠪᠠ ᠨᠥᠬᠦᠴᠡᠯ ᠲᠠᠢ ᠨᠡᠭᠡᠭᠡᠯᠲᠡ ᠬᠢᠬᠦ ᠲᠥᠷᠥᠯ ᠠᠴᠠ | ᠭᠠᠳᠠᠨᠠᠬᠢ ᠪᠤᠰᠤᠳ ᠤᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠥᠬᠦᠴᠡᠯ ᠦᠭᠡᠢ ᠨᠡᠭᠡᠭᠡᠯᠲᠡ ᠬᠢᠬᠦ ᠲᠥᠷᠥᠯ ᠳᠤ | ᠬᠠᠷᠢᠶᠠᠯᠠᠭᠳᠠᠨ᠎ᠠ᠃ | ᠬᠤᠷᠢᠨ ᠵᠢᠷᠭᠤᠳᠤᠭᠠᠷ ᠵᠦᠢᠯ ᠨᠥᠬᠦᠴᠡᠯ ᠦᠭᠡᠢ ᠨᠡᠭᠡᠭᠡᠯᠲᠡ ᠬᠢᠬᠦ ᠲᠥᠷᠥᠯ ᠤᠨ ᠣᠯᠠᠨ | ᠨᠡᠶᠢᠲᠡ ᠵᠢᠨᠲ᠋ᠤᠭ᠎ᠠ ᠪᠠᠷᠢᠮᠲᠠ ᠶᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ | ᠵᠣᠬᠢᠶᠠᠨ ᠪᠠᠶᠢᠭᠤᠯᠤᠯᠲᠠ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠰᠢᠭᠤᠳ | ᠣᠯᠵᠤ ᠪᠣᠯᠤᠨ᠎ᠠ᠃ | ᠨᠥᠬᠦᠴᠡᠯ ᠲᠠᠢ ᠨᠡᠭᠡᠭᠡᠯᠲᠡ ᠬᠢᠬᠦ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠪᠠᠶᠢᠭᠠᠯᠢ ᠬᠥᠮᠦᠨ | ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠨᠢ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠭᠤᠶᠤᠴᠢᠯᠠᠯ ᠳᠡᠪᠰᠢᠭᠦᠯᠵᠦ᠂ ᠪᠣᠳᠠᠲᠠᠶ ᠬᠡᠷᠡᠭᠯᠡᠭᠡᠨ ᠤ ᠠᠬᠤᠶ᠂ | ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠬᠡᠪᠴᠢᠶ᠎ᠡ᠂ ᠲᠤᠭ᠎ᠠ ᠪᠠᠷᠢᠮᠲᠠ ᠬᠠᠩᠭᠠᠬᠤ ᠠᠷᠭ᠎ᠠ ᠮᠠᠶ᠋ᠢᠭ᠂ | ᠲᠤᠭ᠎ᠠ ᠪᠠᠷᠢᠮᠲᠠ ᠬᠡᠷᠡᠭᠯᠡᠬᠦ ᠴᠠᠭ ᠤᠨ ᠬᠢᠵᠠᠭᠠᠷ ᠪᠠ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ | ᠲᠣᠳᠣᠷᠬᠠᠶᠢᠯᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠵᠢᠷᠤᠮᠵᠢᠯ ᠤᠨ ᠴᠢᠨᠠᠷᠲᠠᠶ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ | ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠲᠤ ᠰᠢᠯᠵᠢᠭᠦᠯᠦᠨ᠎ᠡ︔ ᠬᠢᠨᠠᠨ ᠬᠠᠷᠭᠤᠭᠤᠯᠤᠯᠲᠠ ᠳᠤ | ᠪᠠᠲᠤᠯᠠᠭᠳᠠᠭᠰᠠᠨ ᠦᠭᠡᠢ ᠪᠠᠶᠢᠪᠠᠯ᠂ ᠭᠤᠶᠤᠴᠢᠯᠠᠯ ᠢ ᠪᠤᠴᠠᠭᠠᠬᠤ ᠶᠢᠨ ᠬᠠᠮᠲᠤ ᠤᠴᠢᠷ ᠰᠢᠯᠲᠠᠭᠠᠨ ᠢ | ᠲᠣᠳᠣᠷᠬᠠᠶᠢᠯᠠᠨ᠎ᠠ᠃ | ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ ᠨᠡᠭᠡᠭᠡᠯᠲᠡ ᠬᠢᠬᠦ ᠶᠢ ᠵᠥᠪᠰᠢᠶᠡᠷᠡᠭᠰᠡᠨ ᠪᠠᠶᠢᠪᠠᠯ | ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠪᠠ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠬᠤ ᠶᠢᠨ | ᠬᠠᠮᠲᠤ ᠴᠠᠭ ᠲᠤᠬᠠᠢ ᠳᠤ ᠨᠢ ᠭᠤᠶᠤᠴᠢᠯᠠᠭᠴᠢ ᠳᠤ ᠨᠡᠭᠡᠭᠡᠯᠲᠡ ᠬᠢᠬᠦ ᠬᠡᠷᠡᠭᠲᠡᠢ︔ ᠨᠡᠭᠡᠭᠡᠯᠲᠡ ᠬᠢᠬᠦ ᠶᠢ ᠵᠥᠪᠰᠢᠶᠡᠷᠡᠬᠦ | ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠠᠷᠠᠭᠠᠯᠵᠠᠭᠰᠠᠨ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠦᠨᠳᠦᠰᠦ ᠪᠠᠷᠢᠮᠲᠠ ᠶᠢ ᠬᠠᠩᠭᠠᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠡᠭᠡᠭᠡᠯᠲᠡ ᠬᠢᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠨᠢ | ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠰᠢᠭ ᠲᠤᠰᠠ ᠳᠤ ᠬᠠᠯᠳᠠᠵᠤ ᠮᠡᠳᠡᠬᠦ ᠪᠤᠶᠤ ᠪᠤᠰᠤᠳ ᠤᠨ | ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠵᠤ ᠮᠡᠳᠡᠬᠦ ᠶᠢ ᠣᠯᠵᠤ ᠮᠡᠳᠡᠪᠡᠯ᠂ ᠡᠰᠡᠬᠦᠯ᠎ᠡ ᠪᠠᠶᠢᠭᠠᠯᠢ | ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠠᠴᠠ ᠣᠨᠳᠣᠤ | ᠰᠠᠨᠠᠯ ᠳᠤᠷᠠᠳᠤᠭᠰᠠᠨ ᠪᠠᠶᠢᠪᠠᠯ᠂ ᠲᠡᠷᠡ ᠳᠠᠷᠤᠶ ᠳᠤ ᠨᠢ ᠨᠡᠭᠡᠭᠡᠯᠲᠡ ᠬᠢᠬᠦ ᠶᠢ ᠵᠣᠭᠰᠣᠭᠠᠬᠤ ᠶᠢᠨ ᠬᠠᠮᠲᠤ ᠬᠢᠨᠠᠨ | ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠨ ᠲᠤᠰ ᠲᠤᠰ ᠲᠤᠭ᠎ᠠ ᠪᠠᠷᠢᠮᠲᠠ ᠪᠠᠨ | ᠪᠤᠴᠠᠭᠠᠬᠤ᠂ ᠨᠡᠭᠡᠭᠡᠯᠲᠡ ᠬᠢᠬᠦ ᠶᠢ ᠰᠡᠷᠭᠦᠭᠡᠬᠦ ᠪᠤᠶᠤ ᠬᠠᠤᠯᠢ ᠶᠣᠰᠣᠭᠠᠷ ᠰᠢᠢᠳᠪᠦᠷᠢᠯᠡᠭᠰᠡᠨ ᠤ ᠳᠠᠷᠠᠭ᠎ᠠ ᠨᠡᠭᠡᠭᠡᠯᠲᠡ | ᠬᠢᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠦᠬᠦᠢ ᠪᠠᠶᠢᠳᠠᠯ ᠢ ᠬᠤᠯᠪᠣᠭᠳᠠᠯ ᠪᠦᠬᠦᠢ ᠪᠠᠶᠢᠭᠠᠯᠢ ᠬᠥᠮᠦᠨ᠂ | ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠳᠤ ᠴᠠᠭ ᠲᠤᠬᠠᠶ ᠳᠤ ᠨᠢ | ᠬᠠᠷᠢᠭᠤ ᠲᠤᠰᠬᠠᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ | ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠠᠵᠢᠯ ᠢ ᠠᠬᠢᠭᠤᠯᠵᠤ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠳᠤ ᠨᠡᠭᠡᠭᠡᠯᠲᠡ ᠬᠢᠬᠦ ᠬᠡᠪᠴᠢᠶ᠎ᠡ ᠶᠢ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ | ᠨᠡᠭᠡᠭᠡᠯᠲᠡ ᠬᠢᠬᠦ ᠦᠭᠡᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠦᠨᠡᠯᠡᠨ | ᠵᠢᠱᠢᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠬᠡᠪᠴᠢᠶ᠎ᠡ ᠶᠢ ᠲᠠᠰᠤᠷᠠᠯᠲᠠ ᠤᠢᠭᠡᠢ | ᠥᠷᠭᠡᠳᠬᠡᠬᠦ ᠬᠡᠷᠡᠭᠲᠡᠶ᠃ | ᠵᠢᠷᠭᠤᠳᠤᠭᠠᠷ ᠪᠦᠯᠦᠭ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ | ᠬᠤᠷᠢ ᠶᠢᠰᠦᠳᠦᠭᠡᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠳᠤ ᠪᠠᠨ | ᠤᠯᠤᠰ ᠤᠨ ᠠᠰᠢᠭ ᠲᠤᠰᠠ᠂ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠪᠠ ᠭᠤᠷᠪᠠᠳᠠᠬᠢ ᠡᠲᠡᠭᠡᠳ ᠤᠨ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠶ᠃ ᠪᠠᠶᠢᠭᠤᠯᠭ᠎ᠠ ᠪᠠ ᠬᠤᠪᠢ ᠬᠦᠮᠦᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠬᠠᠤᠯᠢ ᠶᠣᠰᠣᠭᠠᠷ ᠨᠡᠭᠡᠭᠡᠨ ᠠᠰᠢᠭᠯᠠᠵᠤ ᠣᠯᠤᠭᠰᠠᠨ ᠡᠳ᠋ ᠬᠥᠷᠥᠩᠭᠡ ᠶᠢᠨ ᠡᠷᠬᠡ | ᠠᠰᠢᠭ ᠨᠢ ᠬᠠᠤᠯᠢ ᠪᠠᠷ ᠬᠠᠮᠠᠭᠠᠯᠠᠭᠳᠠᠨ᠎ᠠ᠃ | ᠭᠤᠴᠢᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠵᠢᠷᠤᠮᠵᠢᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ | ᠰᠢᠰᠲ᠋ᠧᠮᠵᠢ ᠶᠢ ᠪᠠᠶᠢᠭᠤᠯᠬᠤ ᠶᠢ ᠬᠠᠤᠯᠢ ᠶᠣᠰᠣᠭᠠᠷ ᠠᠬᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠡᠷᠬᠡ ᠣᠯᠭᠤᠵᠤ ᠡᠵᠡᠩᠨᠡᠬᠦ᠂ ᠭᠦᠢᠯᠭᠡᠭᠡᠨ ᠠᠷᠠᠯᠵᠢᠶᠠᠯᠠᠬᠤ ᠵᠡᠷᠭᠡ ᠳᠦᠷᠢᠮ ᠪᠠ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠵᠠᠬ᠎ᠠ | ᠳᠡᠯᠭᠡᠭᠦᠷ ᠤᠨ ᠭᠤᠤᠯ ᠴᠣᠭᠴᠠ ᠵᠢᠴᠢ ᠬᠤᠪᠢ ᠬᠥᠮᠦᠨ ᠤ ᠬᠠᠤᠯᠢ ᠶᠣᠰᠣᠭᠠᠷ ᠨᠡᠭᠡᠭᠡᠯᠲᠡ ᠲᠠᠢ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢ ᠠᠰᠢᠭᠯᠠᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠬᠦᠨ ᠢ ᠰᠤᠳᠤᠯᠤᠨ ᠨᠡᠭᠡᠭᠡᠬᠦ᠂ | ᠵᠥᠪᠯᠡᠯᠭᠡ ᠥᠭᠬᠦ ᠦᠢᠯᠡᠴᠢᠯᠡᠭᠡ᠂ ᠲᠤᠭ᠎ᠠ ᠪᠠᠷᠢᠮᠲᠠ ᠶᠢ ᠪᠣᠯᠪᠠᠰᠤᠷᠠᠭᠤᠯᠬᠤ᠂ ᠲᠤᠭ᠎ᠠ ᠪᠠᠷᠢᠮᠲᠠ ᠶᠢ ᠵᠠᠳᠠᠯᠬᠤ ᠵᠡᠷᠭᠡ | ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠠᠵᠢᠯᠯᠠᠭ᠎ᠠ ᠥᠷᠨᠢᠭᠦᠯᠬᠦ ᠶᠢ ᠵᠤᠷᠢᠭᠵᠢᠭᠤᠯᠵᠤ᠂ ᠣᠯᠠᠨ ᠨᠡᠶᠢᠲᠡ ᠶᠢᠨ | ᠲᠤᠭ᠎ᠠ ᠪᠠᠷᠢᠮᠲᠠ ᠬᠢᠭᠡᠳ ᠨᠡᠶᠢᠭᠡᠮ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ | ᠬᠠᠮᠢᠶ᠎ᠠ ᠪᠦᠬᠦᠢ ᠠᠵᠢᠯᠯᠠᠭ᠎ᠠ ᠠᠴᠠ ᠡᠭᠦᠰᠦᠭᠰᠡᠨ ᠲᠤᠭ᠎ᠠ ᠪᠠᠷᠢᠮᠲᠠ ᠶᠢᠨ ᠦᠢᠯᠡᠳᠬᠦᠨ ᠪᠤᠶᠤ ᠲᠤᠭ᠎ᠠ ᠪᠠᠷᠢᠮᠲᠠ ᠶᠢᠨ | ᠦᠢᠯᠡᠴᠢᠯᠡᠭᠡ ᠶᠢ ᠬᠠᠤᠯᠢ ᠶᠣᠰᠣᠭᠠᠷ ᠠᠷᠠᠯᠵᠢᠶᠠᠯᠠᠵᠤ ᠪᠣᠯᠤᠨ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ | ᠠᠰᠲᠠᠭᠠᠨ ᠲᠣᠭᠲᠠᠭᠠᠯ ᠲᠠᠢ ᠪᠤᠶᠤ ᠲᠤᠬᠠᠢ ᠶᠢᠨ ᠬᠥᠮᠥᠨ ᠤ ᠬᠤᠭᠤᠷᠣᠨᠳᠣ ᠠᠰᠲᠠᠭᠠᠨ ᠪᠣᠯᠵᠣᠨ ᠲᠣᠭᠲᠠᠭᠰᠠᠨ | ᠪᠠᠶᠢᠳᠠᠯ ᠢ ᠪᠠᠭᠲᠠᠭᠠᠬᠤ ᠦᠭᠡᠢ᠃ | ᠳᠣᠯᠣᠳᠤᠭᠠᠷ ᠪᠦᠯᠦᠭ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ | ᠭᠤᠴᠢᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ ᠤ ᠰᠠᠯᠠᠭ᠎ᠠ ᠮᠥᠴᠢᠷ ᠲᠤᠭ᠎ᠠ ᠪᠠᠷᠢᠮᠲᠠ ᠶᠢᠨ | ᠠᠮᠤᠷ ᠲᠦᠪᠰᠢᠨ ᠤ ᠴᠢᠬᠤᠯᠠ ᠶᠡᠭᠡ ᠵᠦᠢᠯᠡᠰ ᠪᠠ ᠴᠢᠬᠤᠯᠠ ᠶᠡᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ | ᠵᠣᠬᠢᠴᠠᠭᠤᠯᠬᠤ ᠶᠢ ᠬᠠᠷᠢᠭᠤᠴᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠨᠢᠭᠤᠴᠠ ᠨᠣᠮᠧᠷ ᠤᠨ | ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠵᠡᠷᠭᠡ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠳᠤ ︽ᠬᠡᠨ | ᠴᠤᠭᠯᠠᠭᠤᠯᠤᠭᠰᠠᠨ ᠪᠣᠯ ᠬᠡᠨ ᠬᠠᠷᠢᠭᠤᠴᠠᠬᠤ᠂ ᠬᠡᠨ ᠬᠡᠷᠡᠭᠯᠡᠭᠰᠡᠨ ᠪᠣᠯ ᠬᠡᠨ ᠬᠠᠷᠢᠭᠤᠴᠠᠬᠤ᠂ ᠬᠡᠨ | ᠠᠵᠢᠯᠯᠠᠭᠤᠯᠤᠭᠰᠠᠨ ᠪᠣᠯ ᠬᠡᠨ ᠬᠠᠷᠢᠭᠤᠴᠠᠬᠤ︾ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠪᠣᠯ ᠲᠤᠰ ᠨᠢᠭᠡᠴᠢ ᠶᠢᠨ ᠢᠶᠠᠨ | ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠬᠤ ᠪᠠ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠬᠡᠪ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠦᠨ ᠬᠠᠮᠢᠶᠠᠷᠬᠤ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠪᠦᠬᠦ ᠶᠠᠪᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ | ᠠᠵᠢᠯ ᠳᠤ ᠬᠢᠨᠠᠯᠲᠠ ᠲᠠᠯᠪᠢᠨ ᠵᠢᠯᠤᠭᠤᠳᠴᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠪᠠᠶᠢᠴᠠᠭᠠᠯᠲᠠ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠥᠮᠦᠵᠢᠯ ᠪᠠ ᠮᠡᠷᠭᠡᠵᠢᠯ ᠤᠨ | ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠤᠰ ᠪᠠᠶᠢᠭᠤᠯᠤᠮᠵᠢ ᠶᠢᠨ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠵᠤ᠂ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠲᠥᠷᠥᠯ ᠪᠠ ᠳᠡᠰ ᠬᠤᠪᠢᠶᠠᠨ ᠬᠠᠮᠠᠭᠠᠯᠠᠬᠤ᠂ | ᠲᠦᠭᠰᠢᠭᠦᠷᠢ ᠶᠢ ᠦᠨᠡᠯᠡᠨ ᠵᠢᠱᠢᠬᠦ᠂ ᠡᠳᠦᠷ ᠲᠤᠲᠤᠮ ᠤᠨ ᠬᠢᠨᠠᠨ ᠡᠵᠡᠮᠳᠡᠬᠦ ᠵᠡᠷᠭᠡ ᠬᠠᠮᠢᠶᠠᠷᠤᠯᠲᠠ ᠶᠢᠨ ᠳᠦᠷᠢᠮ ᠢ | ᠪᠠᠶᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠶᠢ ᠬᠢᠨᠠᠨ | ᠪᠠᠶᠢᠴᠠᠭᠠᠬᠤ ᠵᠡᠷᠭᠡ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠬᠦ ᠶᠢᠨ ᠬᠠᠮᠲᠤ᠂ ᠲᠤᠰ | ᠪᠠᠶᠢᠭᠤᠯᠤᠮᠵᠢ᠂ ᠲᠤᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ | ᠪᠠᠶᠢᠴᠠᠭᠠᠯᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠥᠷᠨᠢᠭᠦᠯᠵᠦ᠂ ᠲᠤᠰ ᠪᠠᠶᠢᠭᠤᠯᠤᠮᠵᠢ ᠶᠢᠨ ᠴᠤᠭᠯᠠᠭᠤᠯᠬᠤ᠂ | ᠬᠠᠮᠢᠶᠠᠷᠬᠤ ᠪᠠ ᠬᠡᠷᠡᠭᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ | ᠲᠤᠰᠠᠭᠠᠷ ᠬᠠᠳᠠᠭᠠᠯᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠵᠢᠯ ᠢ ᠰᠠᠶᠢᠲᠤᠷ ᠬᠢᠬᠦ ᠬᠡᠷᠡᠭᠲᠡᠢ᠃ | ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢᠨ ᠠᠶᠤᠯᠭᠦᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠷᠢᠯᠠᠭᠤᠯᠬᠤ ᠪᠤᠶᠤ | ᠲᠣᠳᠣᠷᠬᠠᠶᠢᠯᠠᠵᠤ᠂ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠨ᠂ | ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠰᠢᠰᠲ᠋ᠧᠮ ᠤᠨ ᠠᠶᠤᠯᠭᠦᠢ ᠶᠢᠨ ᠬᠠᠮᠠᠭᠠᠯᠠᠯᠲᠠ ᠶᠢ | ᠴᠢᠩᠭᠠᠷᠠᠭᠤᠯᠤᠨ᠂ ᠰᠢᠰᠲ᠋ᠧᠮ ᠤᠨ ᠠᠶᠤᠯᠭᠦᠢ ᠶᠢ ᠬᠡᠮᠵᠢᠨ ᠲᠣᠭᠲᠠᠭᠠᠬᠤ ᠪᠠ ᠲᠦᠭᠰᠢᠭᠦᠷᠢ ᠶᠢ ᠦᠨᠡᠯᠡᠨ ᠵᠢᠱᠢᠬᠦ ᠶᠢ | ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠤᠨ | ᠠᠶᠤᠯᠭᠦᠢ ᠶᠢ ᠪᠠᠲᠤᠯᠠᠬᠤ ᠬᠡᠷᠡᠭᠲᠡᠶ᠃ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠣᠯ ᠴᠣᠭᠴᠠ ᠨᠢ ᠣᠯᠠᠨ ᠨᠡᠶᠢᠲᠡ ᠶᠢᠨ | ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠭᠰᠡᠨ ᠪᠠᠶᠢᠳᠠᠯ ᠢᠶᠠᠨ | ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠲᠤᠰᠬᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ᠂ ᠨᠢᠭᠤᠴᠠ ᠨᠣᠮᠧᠷ ᠤᠨ ᠬᠠᠮᠢᠶᠠᠷᠤᠯᠲᠠ᠂ | ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠠᠮᠤᠷ ᠲᠦᠪᠰᠢᠨ ᠤ ᠠᠵᠢᠯ ᠤᠨ ᠵᠢᠷᠤᠮᠵᠢᠯ ᠢ ᠲᠣᠭᠲᠠᠭᠠᠵᠤ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠭᠠᠬᠤ᠂ ᠲᠤᠰᠠᠯᠠᠨ ᠰᠢᠢᠳᠪᠦᠷᠢᠯᠡᠬᠦ ᠪᠠ ᠭᠠᠮᠰᠢᠭ ᠠᠴᠠ ᠰᠡᠷᠭᠦᠭᠡᠬᠦ ᠲᠣᠭᠲᠠᠴᠠ ᠶᠢ ᠪᠠᠶᠢᠭᠤᠯᠤᠨ᠂ ᠣᠯᠠᠨ | ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠤᠭᠤᠷᠣᠨᠳᠣᠬᠢ ᠡᠳᠦᠷ | ᠲᠤᠲᠤᠮ ᠤᠨ ᠬᠤᠯᠪᠣᠭᠠᠯᠠᠨ ᠲᠤᠷᠰᠢᠨ ᠲᠣᠬᠢᠷᠠᠭᠤᠯᠬᠤ ᠠᠵᠢᠯ ᠢ ᠴᠢᠩᠭᠠᠳᠬᠠᠵᠤ᠂ ᠭᠡᠨᠡᠳᠲᠡ ᠶᠢᠨ ᠬᠡᠷᠡᠭ ᠡᠭᠦᠰᠬᠦ | ᠦᠶ᠎ᠡ ᠳᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ ᠠᠵᠢᠯᠯᠠᠭ᠎ᠠ ᠶᠢᠨ ᠪᠦᠲᠦᠮᠵᠢᠲᠡᠶ | ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠨᠠᠢᠮᠠᠳᠤᠭᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ | ᠭᠤᠴᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠪᠣᠯ ᠰᠢᠨ᠎ᠡ ᠬᠡᠯᠪᠡᠷᠢ ᠶᠢᠨ ᠣᠯᠠᠨ | ᠨᠡᠶᠢᠲᠡ ᠶᠢᠨ ᠡᠬᠢ ᠪᠠᠶᠠᠯᠢᠭ ᠪᠣᠯᠬᠤ ᠤᠴᠢᠷ ᠠᠴᠠ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠭᠡᠳ | ᠲᠡᠭᠦᠨ ᠢ ᠬᠤᠪᠢ ᠶᠢᠨ ᠡᠳ᠋ ᠬᠥᠷᠥᠩᠭᠡ ᠪᠠᠷ ᠦᠵᠡᠬᠦ ᠪᠤᠶᠤ ᠳᠤᠷ᠎ᠠ ᠪᠠᠷ ᠢᠶᠠᠨ ᠨᠥᠬᠦᠴᠡᠯ ᠨᠡᠮᠡᠵᠦ᠂ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠪᠠ ᠠᠰᠢᠭᠯᠠᠬᠤ ᠶᠢ ᠬᠠᠷᠰᠢᠯᠠᠵᠤ ᠪᠣᠯᠬᠤ | ᠦᠭᠡᠶ᠃ | ᠭᠤᠴᠢᠨ ᠳᠣᠯᠣᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ | ᠪᠠᠷᠢᠮᠲᠠ ᠴᠤᠭᠯᠠᠭᠤᠯᠬᠤ᠂ ᠭᠠᠷᠴᠠᠭᠯᠠᠬᠤ᠂ ᠬᠤᠷᠠᠮᠳᠤᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠠᠵᠢᠯ ᠤᠨ | ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ᠂ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠤᠯᠲᠠ ᠶᠢᠨ ᠪᠠᠶᠢᠳᠠᠯ ᠢ ᠲᠣᠭᠲᠠᠭᠰᠠᠨ | ᠬᠤᠭᠤᠴᠠᠭ᠎ᠠ ᠲᠠᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠵᠠᠷᠯᠠᠬᠤ ᠬᠡᠷᠡᠭᠲᠡᠶ᠃ | ᠦᠨᠡᠯᠡᠨ ᠵᠢᠱᠢᠭᠰᠡᠨ ᠦᠷ᠎ᠡ ᠳ᠋ᠦᠩ ᠢ ᠲᠠᠷᠠᠭᠠᠴᠢ ᠶᠢᠨ ᠵᠢᠯ ᠤᠨ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠢᠬᠤᠯᠠ ᠯᠠᠪᠯᠠᠬᠤ | ᠦᠨᠳᠦᠰᠦᠯᠡᠯ ᠪᠣᠯᠭᠠᠨ᠎ᠠ᠃ | ᠭᠤᠴᠢᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ | ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠪᠦᠷᠢᠨ ᠪᠦᠲᠦᠨ᠂ ᠴᠠᠭ | ᠲᠤᠬᠠᠶ ᠳᠤ ᠨᠢ᠂ ᠵᠢᠷᠤᠮᠵᠢᠯ ᠲᠠᠢ ᠬᠠᠩᠭᠠᠵᠤ᠂ ᠬᠡᠷᠡᠭᠴᠡᠭᠡ ᠶᠣᠰᠣᠭᠠᠷ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠲᠠᠪᠴᠠᠩ ᠳᠤ ᠲᠤᠭ᠎ᠠ ᠪᠠᠷᠢᠮᠲᠠ ᠴᠤᠭᠯᠠᠭᠤᠯᠵᠤ᠂ ᠲᠤᠰ ᠪᠠᠶᠢᠭᠤᠯᠤᠮᠵᠢ ᠶᠢᠨ ᠮᠡᠳᠡᠭᠡ ᠵᠠᠩᠭᠢᠴᠢᠯᠠᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ᠂ ᠰᠢᠯᠭᠠᠨ ᠠᠪᠬᠤ ᠶᠢᠨ ᠴᠢᠬᠤᠯᠠ ᠯᠠᠪᠯᠠᠬᠤ ᠠᠭᠤᠯᠭ᠎ᠠ ᠪᠣᠯᠭᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠣᠯ ᠴᠣᠭᠴᠠ ᠨᠢ | ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠠᠯᠳᠠᠭ᠎ᠠ ᠪᠤᠷᠤᠭᠤ ᠲᠠᠢ᠂ ᠣᠷᠬᠢᠭᠳᠠᠭᠤᠯᠤᠭᠰᠠᠨ ᠵᠡᠷᠭᠡ ᠪᠠᠶᠢᠳᠠᠯ | ᠣᠷᠣᠰᠢᠵᠤ ᠪᠠᠶᠢᠨ᠎ᠠ ᠭᠡᠵᠦ ᠦᠵᠡᠪᠡᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ | ᠳᠤᠰᠬᠠᠵᠤ ᠪᠣᠯᠣᠨ᠎ᠠ︔ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ ᠲᠡᠮᠲᠡᠭᠯᠡᠨ ᠬᠠᠷᠭᠤᠭᠤᠯᠵᠤ᠂ | ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠴᠠᠭ ᠲᠤᠬᠠᠢ ᠳᠤ ᠨᠢ ᠰᠢᠢᠳᠪᠦᠷᠢᠯᠡᠵᠦ᠂ | ᠬᠠᠷᠢᠭᠤ ᠲᠤᠰᠬᠠᠬᠤ ᠬᠡᠷᠡᠭᠲᠡᠢ︔ ᠮᠠᠷᠭᠤᠯᠳᠤᠭᠠᠨ ᠲᠠᠢ ᠪᠣᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠤᠬᠢᠶᠠᠨ ᠪᠠᠶᠢᠭᠤᠯᠵᠤ ᠵᠥᠪᠳᠡᠯᠴᠡᠨ ᠰᠢᠢᠳᠪᠦᠷᠢᠯᠡᠬᠦ ᠬᠡᠷᠡᠭᠲᠡᠢ᠃ | ᠶᠢᠰᠦᠳᠦᠭᠡᠷ ᠪᠦᠯᠦᠭ ᠬᠠᠮᠢᠶ᠎ᠠ ᠪᠦᠬᠦᠢ ᠬᠠᠷᠢᠭᠤᠴᠠᠯᠭ᠎ᠠ | ᠳᠥᠴᠢᠳᠦᠭᠡᠷ ᠵᠦᠢᠯ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠵᠢᠴᠢ | ᠲᠡᠭᠦᠨ ᠤ ᠠᠵᠢᠯᠲᠠᠳ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ︔ ᠱᠠᠭᠠᠷᠳᠠᠯᠭ᠎ᠠ ᠶᠣᠰᠣᠭᠠᠷ | ᠴᠡᠭᠴᠡᠯᠡᠨ ᠥᠭᠡᠷᠡᠴᠢᠯᠡᠭᠰᠡᠨ ᠦᠭᠡᠢ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠯ ᠪᠠ ᠰᠠᠬᠢᠯᠭ᠎ᠠ ᠪᠠᠲᠤ᠂ ᠬᠠᠤᠯᠢ | ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ᠃ | ︵ᠨᠢᠭᠡ︶ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ | ᠵᠣᠬᠢᠶᠠᠬᠤ᠂ ᠴᠤᠭᠯᠠᠭᠤᠯᠤᠨ ᠡᠮᠬᠢᠳᠬᠡᠬᠦ᠂ ᠬᠠᠮᠲᠤ ᠪᠠᠷ ᠡᠳ᠋ᠯᠡᠵᠦ ᠨᠡᠭᠡᠭᠡᠯᠲᠡ ᠬᠢᠬᠦ᠂ ᠰᠢᠨᠡᠳᠬᠡᠵᠦ ᠬᠠᠮᠠᠭᠠᠯᠠᠬᠤ ᠪᠠ | ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠢ ᠲᠣᠭᠲᠠᠭᠠᠯ ᠶᠣᠰᠣᠭᠠᠷ ᠰᠠᠶᠢᠲᠤᠷ ᠬᠢᠭᠰᠡᠨ ᠦᠭᠡᠢ︔ | ︵ᠬᠤᠶᠠᠷ︶ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ᠂ ᠨᠡᠭᠡᠭᠡᠯᠲᠡ ᠬᠢᠬᠦ ᠭᠤᠶᠤᠴᠢᠯᠠᠯ ᠢ ᠬᠢᠨᠠᠨ ᠬᠠᠷᠭᠤᠭᠤᠯᠤᠭᠰᠠᠨ ᠦᠭᠡᠢ ᠪᠤᠶᠤ ᠲᠣᠭᠲᠠᠭᠠᠯ ᠶᠣᠰᠣᠭᠠᠷ ᠲᠤᠭ᠎ᠠ | ᠪᠠᠷᠢᠮᠲᠠ ᠶᠢ ᠬᠤᠷᠠᠮᠳᠤᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠶᠢ ᠪᠡᠶᠡᠯᠡᠭᠦᠯᠦᠭᠰᠡᠨ ᠥᠬᠡᠶ︔ | ︵ᠭᠤᠷᠪᠠ︶ ᠬᠠᠤᠯᠢ ᠳᠤ ᠲᠤᠭᠳᠠᠭᠠᠭᠰᠠᠨ ᠰᠢᠯᠲᠠᠭᠠᠨ ᠦᠭᠡᠢ ᠪᠠᠷ ᠶᠠᠰᠤ ᠴᠢᠨᠠᠷ ᠤᠨ ᠪᠠᠷᠢᠮᠵᠢᠶ᠎ᠠ ᠳᠤ | ᠨᠡᠶᠢᠴᠡᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠩᠭᠠᠬᠤ ᠦᠭᠡᠢ ᠪᠤᠶᠤ ᠬᠠᠩᠭᠠᠭᠰᠠᠨ ᠲᠤᠭ᠎ᠠ | ᠪᠠᠷᠢᠮᠲᠠ ᠶᠢᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ | ᠴᠡᠭᠴᠡᠯᠡᠨ ᠰᠠᠶᠢᠵᠢᠷᠠᠭᠤᠯᠬᠤ᠂ ᠬᠢᠨᠠᠨ ᠬᠠᠷᠭᠤᠭᠤᠯᠬᠤ᠂ ᠵᠠᠯᠠᠷᠠᠭᠤᠯᠬᠤ ᠶᠢ ᠲᠡᠪᠴᠢᠬᠦ︔ | ︵ᠲᠦᠷᠪᠡ︶ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ | ᠪᠦᠬᠦᠢ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠭᠰᠡᠨ ᠦᠭᠡᠢ︔ | ︵ᠲᠠᠪᠤ︶ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠬᠢᠭᠰᠡᠨ᠃ | ᠳᠥᠴᠢᠨ ᠨᠢᠭᠡᠳᠦᠭᠡᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠣᠯ ᠴᠣᠭᠴᠠ ᠨᠢ | ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠶᠠᠪᠤᠴᠠ ᠳᠤ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ | ᠪᠠᠶᠢᠪᠠᠯ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠠᠴᠠ ᠬᠠᠤᠯᠢ ᠪᠠᠷ ᠲᠣᠭᠲᠠᠭᠠᠭᠰᠠᠨ ᠡᠷᠬᠡ ᠮᠡᠳᠡᠯ | ᠪᠠ ᠳᠡᠰ ᠳᠠᠷᠠᠭᠠᠯᠠᠯ ᠶᠣᠰᠣᠭᠠᠷ ᠰᠢᠮᠳᠠᠭᠤᠯᠤᠨ ᠵᠠᠯᠠᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠣᠯᠠᠨ ᠨᠡᠶᠢᠲᠡ ᠶᠢᠨ | ᠲᠤᠭ᠎ᠠ ᠪᠠᠷᠢᠮᠲᠠ ᠶᠢ ᠣᠯᠬᠤ ᠡᠷᠬᠡ ᠮᠡᠳᠡᠯ ᠤᠨ ᠬᠡᠪᠴᠢᠶ᠎ᠡ ᠶᠢ ᠲᠦᠷ ᠬᠠᠭᠠᠬᠤ ᠬᠡᠷᠡᠭᠲᠡᠢ︔ ᠱᠠᠭᠠᠷᠳᠠᠯᠭ᠎ᠠ ᠶᠣᠰᠣᠭᠠᠷ | ᠵᠠᠯᠠᠷᠠᠭᠤᠯᠤᠭᠰᠠᠨ ᠦᠭᠡᠢ ᠪᠣᠯ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ︵ᠨᠢᠭᠡ︶ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠠᠰᠢᠭᠯᠠᠨ ᠬᠠᠤᠯᠢ ᠪᠤᠰᠤ ᠠᠰᠢᠭ ᠤᠯᠬᠤ︔ | ︵ᠬᠤᠶᠠᠷ︶ ᠬᠠᠮᠢᠶ᠎ᠠ ᠪᠦᠬᠦᠢ ᠡᠷᠬᠡ ᠠᠰᠢᠭ ᠢ ᠳᠤᠷ᠎ᠠ ᠪᠠᠷ ᠢᠶᠠᠨ ᠬᠡᠷᠡᠭᠯᠡᠵᠦ᠂ ᠤᠯᠤᠰ ᠤᠨ ᠠᠰᠢᠭ ᠲᠤᠰᠠ᠂ | ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠤᠭᠰᠠᠨ︔ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠤᠶᠤ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢ ᠠᠰᠢᠭᠯᠠᠬᠤ ᠬᠡᠯᠡᠯᠴᠡᠭᠡᠷ ᠢ ᠵᠥᠷᠢᠴᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ᠃ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠤᠶᠤ ᠣᠯᠠᠨ ᠨᠡᠶᠢᠲᠡ ᠶᠢᠨ ᠲᠤᠭ᠎ᠠ | ᠪᠠᠷᠢᠮᠲᠠ ᠶᠢ ᠠᠰᠢᠭᠯᠠᠬᠤ ᠬᠡᠯᠡᠯᠴᠡᠭᠡᠷ ᠢ ᠵᠦᠷᠢᠴᠡᠨ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠠᠪᠤᠭᠰᠠᠨ | ᠦᠭᠡᠢ︔ | ︵ᠲᠠᠪᠤ︶ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠤᠰᠤᠳ ᠠᠵᠢᠯᠯᠠᠭ᠎ᠠ᠃ | ᠳᠥᠴᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠣᠰ ᠠᠷᠭ᠎ᠠ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ ᠪᠤᠶᠤ | ᠵᠥᠪ ᠢᠶᠠᠷ ᠭᠦᠢᠴᠡᠳᠬᠡᠭᠰᠡᠨ ᠥᠬᠡᠶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ | ᠪᠠᠶᠢᠭᠠᠳ ᠴᠡᠭᠴᠡᠯᠡᠨ ᠥᠭᠡᠷᠡᠴᠢᠯᠡᠭᠦᠯᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠮᠢᠶ᠎ᠠ ᠪᠦᠬᠦᠢ | ᠬᠥᠮᠦᠰ ᠲᠤ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠰᠢᠢᠳᠭᠡᠯ ᠥᠭᠭᠦᠨ᠎ᠡ᠃ | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠨ ᠭᠤᠷᠪᠠᠳᠤᠭᠠᠷ ᠵᠦᠢᠯ ᠪᠤᠰᠤᠳ ᠡᠳ᠋ ᠤᠨ ᠵᠠᠰᠠᠭ ᠤᠨ ᠲᠥᠰᠦᠪ ᠤᠨ ᠰᠠᠯᠠᠭ᠎ᠠ ᠮᠥᠴᠢᠷ ᠲᠤᠰ | ᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠠᠵᠢᠯᠯᠠᠭ᠎ᠠ ᠳᠤ | ᠣᠷᠣᠯᠴᠠᠬᠤ ᠳᠤ ᠲᠣᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠥᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2 ᠵᠢᠯ ᠪᠣᠯᠤᠨ᠎ᠠ᠃ |