| | ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠥᠪᠥᠷ | ᠮᠣᠩᠭᠤᠯ ᠤᠨ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ | ᠠᠶᠢᠯᠴᠢᠯᠠᠨ ᠰᠤᠷᠪᠤᠯᠵᠢᠯᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠪᠡ᠃ | ᠠᠶᠢᠯᠴᠢᠯᠠᠯᠲᠠ ᠳᠤᠮᠳᠠ᠂ ᠪᠦᠦ ᠭᠠᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ | ᠬᠤᠷᠢᠶ᠎ᠠ ᠶᠢᠨ ᠱᠦᠵᠢ ᠴᠧᠩ ᠲᠤᠤ᠂ ᠰᠤᠷᠭᠠᠭᠤᠯᠢ ᠶᠢᠨ ᠵᠠᠬᠢᠷᠤᠯ ᠦ᠋ ᠯᠢ ᠮᠢᠨ᠂ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢ ᠵᠠᠨ ᠹᠧᠩ ᠲᠠᠢ ᠲᠤᠰ ᠲᠤᠰ | ᠶᠠᠷᠢᠯᠴᠠᠵᠤ᠂ ᠬᠤᠶᠠᠷ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠣᠷᠣᠨ ᠤ ᠲᠥᠪ ᠬᠤᠲᠠ ᠶᠢᠨ ᠠᠵᠢᠯ ᠢ | ᠳᠠᠮᠵᠢᠵᠦ᠂ ᠣᠨᠴᠠᠭᠠᠶᠢᠯᠠᠨ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ | ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠪᠦᠦ ᠭᠠᠩ ᠬᠡᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠡ ᠬᠤᠷᠠᠯ ᠠᠴᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ | ᠪᠠᠶᠢᠭᠤᠯᠤᠮᠵᠢ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ | ᠰᠤᠷᠭᠠᠭᠤᠯᠢ ᠶᠢᠨ ᠴᠤᠭᠯᠠᠷᠠᠯ ᠤᠨ ᠲᠥᠪ ᠪᠣᠯ ᠪᠢᠳᠡᠨ ᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠠᠰᠢᠭᠲᠠᠢ ᠨᠥᠬᠦᠴᠡᠯ ᠪᠠ ᠳᠠᠪᠠᠭᠤᠯᠢᠭ ᠪᠣᠯᠣᠨ᠎ᠠ᠃ ᠥᠪᠥᠷ ᠮᠣᠩᠭᠤᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨᠵᠢᠯᠡᠭᠡᠨ ᠤ | ᠰᠠᠯᠠᠭ᠎ᠠ ᠶᠢᠨ ᠪᠠᠶᠢᠷᠢᠰᠢᠭᠤᠯᠤᠯᠲᠠ ᠨᠢ ᠣᠷᠣᠨ ᠤ ᠲᠥᠪ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ | ᠯᠦᠭᠡ ᠮᠠᠰᠢ ᠨᠡᠶᠢᠴᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠦᠲᠦᠭᠡᠨ | ᠪᠠᠶᠢᠭᠤᠯᠬᠤ᠂ ᠠᠵᠤ ᠦᠢᠯᠡᠰ ᠲᠦᠷᠦᠯ ᠵᠦᠢᠯ ᠤᠨ ᠬᠠᠮᠲᠤᠷᠠᠯᠴᠠᠭ᠎ᠠ᠂ ᠬᠠᠮᠲᠤᠷᠠᠨ ᠰᠤᠷᠭᠠᠭᠤᠯᠢ ᠡᠷᠭᠢᠯᠡᠬᠦ᠂ | ᠣᠶᠤᠲᠠᠳ ᠢ ᠬᠥᠬᠡᠬᠤᠲᠠ ᠳᠤ ᠦᠯᠡᠳᠡᠭᠡᠬᠦ ᠵᠡᠷᠭᠡ ᠬᠠᠮᠲᠤᠷᠠᠯᠴᠠᠭ᠎ᠠ ᠲᠠᠩᠰᠤᠭ ᠦᠷ᠎ᠡ ᠪᠦᠲᠦᠭᠡᠯ ᠣᠯᠪᠠ᠃ | ᠣᠷᠣᠨ ᠤ ᠲᠥᠪ ᠬᠤᠲᠠ ᠶᠢᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠬᠢᠮᠡᠯ ᠤᠶᠤᠨ᠂ ᠳᠣᠣᠷ᠎ᠠ ᠣᠭᠲᠠᠷᠭᠤᠢ ᠶᠢᠨ | ᠠᠵᠤ ᠠᠬᠤᠢ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠢᠷᠡᠭᠡᠳᠦᠢ ᠶᠢᠨ ᠠᠵᠤ ᠦᠢᠯᠡᠰ ᠤᠨ | ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠳᠡᠭᠡᠳᠦ ᠰᠤᠷᠭᠠᠭᠤᠯᠢ ᠳᠤ ᠨᠡᠩ ᠣᠯᠠᠨ ᠰᠢᠨᠵᠢᠯᠡᠬᠦ ᠤᠬᠠᠭᠠᠨ ᠤ | ᠰᠢᠨ᠎ᠡ ᠶᠢ ᠡᠭᠦᠳᠬᠦ ᠬᠡᠷᠡᠭᠯᠡᠭᠡᠨ ᠤ ᠠᠬᠤᠢ ᠪᠠᠶᠢᠳᠠᠯ ᠢ ᠬᠠᠩᠭᠠᠬᠤ ᠪᠣᠯᠣᠨ᠎ᠠ᠂ ᠮᠥᠨᠴᠦ ᠳᠡᠭᠡᠳᠦ ᠰᠤᠷᠭᠠᠭᠤᠯᠢ ᠶᠢᠨ | ᠴᠢᠳᠠᠪᠤᠷᠢᠲᠠᠨ ᠤ ᠲᠤᠯᠭᠠᠭᠤᠷᠢᠯᠠᠯ ᠢ ᠨᠡᠩ ᠱᠠᠭᠠᠷᠳᠠᠬᠤ ᠪᠣᠯᠣᠨ᠎ᠠ᠃ ᠬᠤᠶᠠᠷ ᠰᠤᠷᠭᠠᠭᠤᠯᠢ ᠲᠤᠰ ᠪᠡᠶ᠎ᠡ ᠶᠢᠨ | ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠳᠡᠮᠵᠢᠵᠦ᠂ | ᠣᠶᠤᠲᠠᠳ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠦᠢᠯᠡᠳᠪᠦᠷᠢᠯᠡᠯ᠂ ᠰᠤᠷᠭᠠᠨ ᠬᠥᠮᠦᠵᠢᠯ᠂ ᠰᠤᠳᠤᠯᠭᠠᠨ᠂ ᠪᠤᠯᠪᠠᠰᠤᠷᠠᠭᠤᠯᠤᠯ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠥᠬᠡᠬᠤᠲᠠ ᠳᠤ ᠤᠯᠠᠷᠢᠭᠤᠯᠵᠤ᠂ ᠨᠡᠩ ᠤᠯᠠᠨ ᠲᠤᠰᠬᠠᠶᠢᠵᠢᠭᠰᠠᠨ ᠴᠢᠳᠠᠪᠤᠷᠢᠲᠠᠨ ᠢ ᠬᠥᠮᠥᠵᠢᠭᠦᠯᠦᠨ᠂ | ᠣᠳᠣᠬᠢᠴᠢᠯᠠᠭᠰᠠᠨ ᠣᠷᠣᠨ ᠪᠦᠰᠡ ᠶᠢᠨ ᠲᠦᠪ ᠬᠤᠳᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ | ᠬᠦᠰᠡᠵᠦ ᠪᠠᠶᠢᠨ᠎ᠠ᠃ ᠣᠷᠣᠨ ᠤ ᠲᠥᠪ ᠬᠤᠲᠠ ᠶᠡᠭᠡ ᠳᠡᠭᠡᠳᠦ ᠰᠤᠷᠭᠠᠭᠤᠯᠢ ᠲᠠᠢ ᠵᠡᠷᠭᠡᠪᠡᠷ ᠬᠦᠴᠦᠯᠡᠵᠦ᠂ ᠶᠡᠭᠡ | ᠳᠡᠭᠡᠳᠦ ᠰᠤᠷᠭᠠᠭᠤᠯᠢ ᠶᠢᠨ ᠪᠠᠶᠢᠭᠤᠯᠤᠯᠲᠠ ᠶᠢ ᠢᠳᠡᠪᠬᠢᠲᠡᠢ ᠳᠡᠮᠵᠢᠵᠦ᠂ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠨ᠂ ᠰᠢᠨᠵᠢᠯᠡᠬᠦ ᠤᠬᠠᠭᠠᠨ ᠰᠤᠳᠤᠯᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠰᠢᠯᠢᠳᠡᠭ | ᠰᠣᠷᠣᠭᠴᠢ ᠶᠢ ᠬᠥᠬᠡᠬᠤᠲᠠ ᠳᠤ ᠦᠯᠡᠳᠡᠭᠡᠵᠦ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠳᠤ ᠲᠠᠪᠴᠠᠩ | ᠬᠠᠩᠭᠠᠨ᠂ ᠵᠠᠮ ᠳᠡᠪᠢᠰᠴᠦ᠂ ᠰᠤᠷᠭᠠᠭᠤᠯᠢ ᠪᠠ ᠣᠷᠣᠨ ᠨᠤᠲᠤᠭ ᠢ ᠠᠭᠤᠰᠤᠯᠴᠠᠭᠤᠯᠤᠨ ᠴᠢᠨᠠᠷ ᠰᠠᠶᠢᠲᠠᠢ | ᠬᠥᠭᠵᠢᠭᠦᠯᠬᠦ ᠶᠢ ᠪᠡᠶᠡᠯᠡᠭᠦᠯᠦᠨ᠎ᠡ ᠭᠡᠵᠡᠢ᠃ | ᠬᠤᠶᠠᠷ ᠰᠤᠷᠭᠠᠭᠤᠯᠢ ᠶᠢᠨ ᠤᠳᠤᠷᠢᠳᠤᠯᠭ᠎ᠠ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠣᠷᠣᠨ ᠤ | ᠲᠥᠪ ᠬᠤᠲᠠ ᠨᠢ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠪᠣᠶᠢᠵᠢᠭᠤᠯᠬᠤ᠂ ︽ᠲᠠᠪᠤᠨ | ᠲᠣᠬᠢᠷᠠᠮᠵᠢᠲᠠᠢ ᠬᠤᠲᠠ︾ ᠶᠢ ᠪᠦᠲᠦᠭᠡᠨ ᠪᠠᠶᠢᠭᠤᠯᠬᠤ᠂ ︽ᠵᠢᠷᠭᠤᠭᠠᠨ ᠣᠷᠣᠨ ᠪᠦᠰᠡ ᠶᠢᠨ ᠲᠥᠪ︾ ᠢ | ᠴᠣᠭᠴᠠᠯᠠᠬᠤ ᠵᠡᠷᠭᠡ ᠲᠠᠯ᠎ᠠ ᠪᠠᠷ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠢᠯᠠᠩᠭᠤᠶ᠎ᠠ | ᠭᠤᠷᠪᠠᠨ ᠵᠢᠯ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠪᠣᠯᠣᠨ ︽ | ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠬᠡᠷᠡᠭᠵᠢᠭᠦᠯᠬᠦ ᠶᠢᠨ | ᠲᠤᠰᠠᠳᠠ᠂ ᠴᠢᠳᠠᠪᠤᠷᠢᠲᠠᠨ ᠢ ᠦᠯᠡᠳᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠨ | ᠬᠡᠷᠡᠭᠵᠢᠭᠦᠯᠵᠦ᠂ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ | ᠪᠥᠭᠡᠳ ᠠᠵᠢᠯ ᠦᠢᠯᠡᠰ ᠴᠣᠭᠴᠠᠯᠠᠬᠤ ᠳᠤ ᠲᠣᠬᠢᠷᠠᠮᠵᠢᠲᠠᠢ ᠣᠷᠴᠢᠨ ᠨᠥᠬᠦᠴᠡᠯ ᠢ ᠬᠠᠩᠭᠠᠵᠤ᠂ ᠨᠡᠩ ᠣᠯᠠᠨ | ᠲᠡᠭᠦᠰᠦᠭᠰᠡᠨ ᠰᠤᠷᠤᠭᠴᠢᠳ ᠢ ᠣᠷᠣᠨ ᠤ ᠲᠥᠪ ᠬᠤᠲᠠ ᠳᠤ ᠦᠯᠡᠳᠡᠭᠡᠵᠦ᠂ ᠣᠷᠣᠨ ᠤ ᠲᠥᠪ ᠬᠤᠲᠠ ᠳᠤ | ᠰᠠᠭᠤᠷᠢᠰᠢᠬᠤ ᠶᠢ ᠳᠡᠮᠵᠢᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠰᠤᠷᠭᠠᠭᠤᠯᠢ ᠨᠤᠭᠤᠳ ᠣᠷᠣᠨ ᠤ | ᠲᠥᠪ ᠬᠤᠲᠠ ᠶᠢᠨ ᠬᠥᠭᠵᠢᠯᠲᠡ ᠶᠢᠨ ᠬᠡᠷᠡᠭᠴᠡᠭᠡ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠰᠢᠨᠵᠢᠯᠡᠭᠡᠨ ᠤ | ᠰᠠᠯᠠᠭ᠎ᠠ ᠶᠢᠨ ᠲᠣᠬᠢᠷᠠᠭᠤᠯᠤᠯᠲᠠ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ᠂ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠢ ᠬᠥᠮᠥᠵᠢᠭᠦᠯᠬᠦ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ | ᠬᠠᠮᠲᠤᠷᠠᠯᠴᠠᠭᠠᠨ ᠤ ᠠᠭᠤᠯᠭ᠎ᠠ ᠪᠠᠨ ᠭᠦᠨᠵᠡᠭᠡᠶᠢᠷᠡᠭᠦᠯᠦᠨ᠂ ᠣᠷᠣᠨ ᠤ ᠲᠥᠪ ᠬᠤᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ ᠭᠡᠪᠡ᠃ | ᠠᠶᠢᠯᠴᠢᠯᠠᠯᠲᠠ ᠳᠤᠮᠳᠠ᠂ ᠪᠦᠦ ᠭᠠᠩ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠨᠧᠷᠭᠢ ᠶᠢᠨ | ᠮᠠᠲ᠋ᠧᠷᠢᠶᠠᠯ ᠬᠢᠮᠢ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠣᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠲᠥᠪ ᠢᠶᠠᠷ ᠲᠣᠭᠤᠷᠢᠨ ᠪᠠᠶᠢᠴᠠᠭᠠᠪᠠ ᠃ | | ᠰᠦᠨ ᠬᠤᠤ᠂ ᠼᠤᠤ ᡁᠢ ᠣᠷᠣᠯᠴᠠᠪᠠ᠃ | |