︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ | ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠰᠠᠭᠤᠷᠢᠨ ᠭᠠᠵᠠᠷ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ | ᠬᠤᠷᠢᠶ᠎ᠠ ᠳᠤ ᠫᠠᠶᠢᠰᠠ ᠪᠠᠨ ᠰᠡᠬᠦᠪᠡ᠂ ᠡᠨᠡ ᠨᠢ ᠬᠥᠬᠡᠬᠤᠲᠠ ᠶᠢᠨ ᠲᠦᠷᠭᠡᠨ ᠳᠤᠰᠬᠠᠯ ᠭᠠᠷᠭᠠᠵᠤ᠂ ᠥᠨᠳᠥᠷ | ᠪᠦᠲᠦᠮᠵᠢᠲᠡᠶ ᠠᠪᠤᠷᠠᠬᠤ ᠡᠮᠴᠢᠯᠡᠭᠡᠨ ᠤ ᠪᠠᠴᠢᠮ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠬᠤ ᠳᠤ ᠴᠢᠬᠤᠯᠠ ᠨᠢᠭᠡ | ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠰᠠᠭᠤᠷᠢᠨ ᠭᠠᠵᠠᠷ ᠢ ᠪᠠᠶᠢᠭᠤᠯᠤᠭᠰᠠᠨ ᠨᠢ ᠬᠤᠲᠠ ᠶᠢᠨ ᠭᠡᠨᠡᠳᠲᠡ ᠶᠢᠨ | ᠬᠡᠷᠡᠭ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠡᠮᠴᠢᠯᠡᠭᠡᠨ ᠠᠴᠠ ᠡᠮᠦᠨᠡᠬᠢ | ᠲᠦᠷᠭᠡᠨ ᠠᠪᠤᠷᠠᠯᠲᠠ ᠪᠠ ᠡᠮᠨᠡᠯᠭᠡ ᠶᠢᠨ ᠬᠤᠷᠢᠶ᠎ᠠ ᠶᠢᠨ ᠠᠪᠤᠷᠠᠨ ᠵᠠᠰᠠᠯᠲᠠ ᠶᠢᠨ ᠬᠤᠭᠤᠷᠣᠨᠳᠤ ᠪᠦᠲᠦᠮᠵᠢᠲᠡᠶ | ᠵᠣᠯᠭᠠᠭᠤᠯᠬᠤ ᠪᠣᠯᠣᠨ᠎ᠠ᠃ ᠬᠥᠬᠡᠬᠤᠲᠠ ᠶᠢᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠰᠠᠭᠤᠷᠢᠨ | ᠭᠠᠵᠠᠷ ᠨᠢ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠣᠯᠭᠠᠵᠤ᠂ ᠬᠥᠬᠡᠬᠤᠲᠠ ᠶᠢᠨ 120 | ᠡᠮᠴᠢᠯᠡᠭᠡᠨ ᠤ ᠪᠠᠴᠢᠮ ᠠᠪᠤᠷᠠᠯᠳᠠ ᠶᠢᠨ ᠵᠢᠯᠤᠭᠤᠳᠬᠤ ᠲᠥᠪ ᠲᠠᠢ ᠬᠤᠯᠪᠤᠭᠠᠯᠠᠨ᠂ ᠡᠮᠨᠡᠯᠭᠡ ᠶᠢᠨ ᠬᠤᠷᠢᠶᠠᠨ ᠤ | ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠵᠦ᠂ ᠡᠮᠨᠡᠯᠭᠡ ᠶᠢᠨ ᠬᠤᠷᠢᠶᠠᠨ ᠳᠤ ᠢᠷᠡᠬᠦ ᠠᠴᠠ | ᠡᠮᠦᠨᠡᠬᠢ ᠵᠢᠴᠢ ᠡᠮᠨᠡᠯᠭᠡ ᠶᠢᠨ ᠬᠤᠷᠢᠶᠠᠨ ᠳᠠᠬᠢ ᠠᠪᠤᠷᠠᠨ ᠵᠠᠰᠠᠬᠤ ᠨᠢᠭᠡᠴᠢ᠂ ᠲᠤᠬᠠᠢ ᠶᠢᠨ ᠲᠠᠯᠠᠪᠤᠷ ᠤᠨ ᠪᠠᠴᠢᠮ | ᠠᠪᠤᠷᠠᠯᠲᠠ ᠶᠢᠨ ᠡᠩᠨᠡᠭᠡ᠂ ᠵᠢᠭᠠᠨ ᠰᠤᠷᠭᠠᠯᠲᠠ ᠵᠢᠴᠢ ᠰᠤᠳᠤᠯᠤᠯ᠂ ᠪᠣᠯᠪᠠᠰᠤᠷᠠᠭᠤᠯᠤᠯ ᠰᠣᠷᠢᠯᠲᠠ᠂ ᠮᠡᠳᠡᠭᠡ | ᠵᠠᠩᠭᠢ ᠶᠢᠨ ᠵᠢᠯᠤᠭᠤᠳᠬᠤ ᠰᠢᠰᠲ᠋ᠧᠮ᠂ ᠠᠪᠤᠷᠠᠨ ᠲᠤᠰᠠᠯᠠᠬᠤ ᠪᠣᠳᠠᠰ ᠢ ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ | ᠬᠦᠷᠭᠡᠬᠦ ᠵᠡᠷᠭᠡ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠬᠢᠴᠢᠯᠠᠭᠰᠠᠨ ᠪᠠᠴᠢᠮ ᠪᠠᠶᠢᠳᠠᠯ ᠤᠨ | ᠵᠢᠯᠣᠭᠤᠳᠤᠯᠭ᠎ᠠ᠂ ᠣᠷᠣᠨ ᠠᠯᠤᠰᠯᠠᠭᠰᠠᠨ ᠲᠦᠷᠭᠡᠨ ᠲᠤᠰᠬᠠᠯᠲᠠ᠂ ᠶᠡᠭᠡ ᠬᠡᠮᠵᠢᠶ᠎ᠡ ᠪᠠᠷ ᠲᠥᠪᠯᠡᠷᠡᠭᠦᠯᠦᠨ ᠠᠪᠤᠷᠠᠨ | ᠲᠤᠰᠠᠯᠠᠬᠤ᠂ ᠲᠤᠰᠬᠠᠶᠢᠵᠢᠭᠰᠠᠨ ᠪᠣᠯᠪᠠᠰᠤᠷᠠᠭᠤᠯᠤᠯ᠂ ᠠᠪᠤᠷᠠᠬᠤ ᠪᠣᠳᠠᠰ ᠢ ᠨᠡᠶᠢᠯᠡᠭᠦᠯᠦᠨ ᠨᠥᠭᠡᠴᠡᠯᠡᠬᠦ ᠵᠡᠷᠭᠡ ᠶᠢ | ᠪᠡᠶᠡᠯᠡᠭᠦᠯᠵᠡᠢ᠃ |