ᠪᠣᠣ ᠭᠠᠩ ᠾᠧ ᠬᠠᠢ ᠳ᠋ᠦᠩ  ᠣᠨ ᠤ ᠡᠴᠦᠰ ᠵᠢᠯ ᠤᠨ ᠡᠬᠢᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠪᠠ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/18
      ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠮᠠᠨ ᠤ ᠬᠤᠲᠠ ᠶᠢᠨ ᠣᠨ ᠤ ᠡᠴᠦᠰ ᠵᠢᠯ ᠤᠨ ᠡᠬᠢᠨ ᠤ ᠣᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠠᠮᠤᠷ ᠲᠦᠪᠰᠢᠨ ᠤ ᠪᠠᠶᠢᠭᠤᠯᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠨ ᠤ ᠲᠥᠪ ᠬᠤᠲᠠ ᠶᠢᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠣᠣ ᠭᠠᠩ ᠨᠠᠷ ᠰᠢᠨᠬᠤᠸᠠ ᠲᠠᠯᠠᠪᠠᠢ᠂ ᠰᠢᠶᠣᠣ ᠼᠤᠤ ᠴᠡᠴᠡᠷᠯᠢᠭ᠂ ᠸᠠᠨ ᠳ᠋ᠠ ᠲᠠᠯᠠᠪᠠᠢ᠂ ᠪᠣᠭᠤᠮᠲᠠ ᠶᠢᠨ ᠬᠠᠭᠤᠴᠢᠨ ᠵᠡᠭᠡᠯᠢ ᠪᠣᠯᠣᠨ‌‍ᠲ᠋ᠡᠯ ᠠᠭᠤᠯᠠᠨ ᠤ ᠴᠡᠨᠡᠯᠡᠯᠲᠡ ᠶᠢᠨ ᠲᠠᠯᠠᠪᠠᠢ ᠵᠡᠷᠭᠡ ᠭᠠᠵᠠᠷ ᠲᠤ ᠬᠦᠷᠴᠦ᠂ ᠪᠠᠶᠠᠷ ᠤᠨ ᠡᠳᠦᠷ ᠤᠨ ᠠᠵᠢᠯᠯᠠᠭ᠎ᠠ ᠶᠢᠨ ᠪᠡᠯᠡᠳᠬᠡᠯ᠂ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠣᠨ ᠤ ᠡᠴᠦᠰ ᠵᠢᠯ ᠤᠨ ᠡᠬᠢᠨ ᠳᠤ ᠡᠯ᠎ᠡ ᠵᠦᠢᠯ ᠤᠨ ᠠᠵᠢᠯᠯᠠᠭ᠎ᠠ ᠣᠯᠠᠨ ᠪᠥᠭᠡᠳ ᠬᠥᠮᠦᠨ ᠬᠠᠷ᠎ᠠ ᠣᠯᠠᠨ ᠪᠣᠯᠬᠤᠷ᠂ ᠠᠮᠤᠷ ᠲᠦᠪᠰᠢᠨ ᠤ ᠠᠰᠠᠭᠤᠳᠠᠯ ᠢ ᠴᠠᠭ ᠢᠮᠠᠭᠲᠠ ᠠᠩᠬᠠᠷᠬᠤ ᠬᠡᠷᠡᠭᠲᠡᠢ᠂ ᠵᠢᠭᠤᠯᠴᠢᠯᠠᠯ ᠤᠨ ᠣᠷᠣᠨ᠂ ᠬᠤᠳᠠᠯᠳᠤᠭ᠎ᠠ ᠬᠡᠲᠦ ᠳᠡᠯᠭᠡᠭᠦᠷ᠂ ᠪᠠᠭᠤᠳᠠᠯ ᠬᠤᠭᠤᠯᠠᠨ ᠬᠡᠷ ᠵᠡᠷᠭᠡ ᠬᠥᠮᠦᠨ ᠬᠠᠷ᠎ᠠ ᠲᠥᠪᠯᠡᠷᠡᠭᠰᠡᠨ ᠭᠠᠵᠠᠷ ᠤᠨ ᠠᠮᠤᠷ ᠲᠦᠪᠰᠢᠨ ᠤ ᠠᠰᠠᠭᠤᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠣᠯᠠᠨ ᠨᠡᠶᠢᠲᠡ ᠶᠢᠨ ᠲᠠᠯᠠᠪᠤᠷ ᠤᠨ ᠭᠠᠯ ᠰᠡᠷᠭᠡᠶᠢᠯᠡᠬᠦ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠠᠶᠠᠨᠴᠢᠳ ᠬᠢᠭᠡᠳ ᠲᠡᠷᠭᠡᠨ ᠤ ᠤᠷᠤᠰᠬᠠᠯ ᠤᠨ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠭᠠᠵᠠᠷ ᠳᠣᠤᠷᠠᠬᠢ ᠲᠡᠮᠦᠷ ᠵᠠᠮ ᠵᠢᠴᠢ ᠨᠡᠶᠢᠲᠡ ᠶᠢᠨ ᠮᠠᠰᠢᠨ ᠤ ᠠᠵᠢᠯᠯᠠᠬᠤ ᠴᠠᠭ ᠢ ᠰᠢᠯᠢᠳᠡᠭᠵᠢᠭᠦᠯᠦᠨ ᠳᠣᠭᠢᠷᠠᠭᠤᠯᠵᠤ᠂ ᠡᠯ᠎ᠡ ᠵᠦᠢᠯ ᠤᠨ ᠠᠵᠢᠯᠯᠠᠭᠠᠨ ᠤ ᠲᠠᠯᠠᠪᠤᠷ ᠤᠨ ᠡᠷᠬᠢᠨ ᠲᠣᠭᠤᠷᠢᠨ ᠤ ᠵᠠᠮ ᠢ ᠰᠠᠭᠠᠳ ᠥᠬᠡᠶ ᠨᠡᠪᠲᠡᠷᠡᠭᠦᠯᠬᠦ ᠠᠵᠢᠯ ᠢ ᠰᠠᠶᠢᠲᠤᠷ ᠬᠢᠵᠦ ᠂ ᠣᠯᠠᠨ ᠲᠦᠮᠡᠨ ᠤ ᠶᠠᠪᠤᠵᠤ ᠰᠠᠭᠤᠬᠤ ᠡᠮᠬᠢ ᠵᠢᠷᠤᠮ ᠲᠠᠢ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡᠨ ᠤ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠠᠷᠠᠳ ᠵᠢᠭᠤᠯᠴᠢᠯᠠᠭᠴᠢᠳ ᠢ ᠢᠳᠡᠵᠦ ᠤᠤᠭᠤᠬᠤ ᠳᠤ ᠨᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠨᠡᠶᠢᠭᠡᠮ ᠤᠨ ᠠᠮᠤᠷ ᠲᠦᠪᠰᠢᠨ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠡᠰᠡᠭ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠪᠣᠯᠤᠨ ᠲᠤᠮᠤ ᠬᠡᠯᠪᠡᠷᠢ ᠶᠢᠨ ᠠᠵᠢᠯᠯᠠᠭ᠎ᠠ ᠶᠢᠨ ᠰᠡᠷᠭᠡᠶᠢᠯᠡᠵᠦ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠢ ᠬᠠᠮᠠᠭᠠᠯᠠᠬᠤ ᠬᠦᠴᠦᠨ ᠤ ᠲᠤᠬᠢᠷᠠᠭᠤᠯᠤᠯᠳᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃       ᠶᠢᠨ ᠱᠠᠨ ᠢᠯᠴᠢ ᠶᠢᠨ ᠴᠠᠬᠢᠯᠭᠠᠨ ᠤ ᠺᠣᠮᠫᠠᠨᠢ᠂ ᠢ ᠱᠦᠨ ᠬᠠᠩᠭᠠᠯᠭ᠎ᠠ ᠶᠢᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠲᠣᠭᠤᠷᠢᠭ ᠲᠤ᠂ ᠪᠣᠣ ᠭᠠᠩ ᠨᠠᠷ ᠠᠵᠤ ᠠᠬᠤᠶᠢᠯᠠᠯ ᠤᠨ ᠡᠵᠡᠩᠨᠡᠯᠲᠡ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠶᠡᠭᠡ ᠪᠠᠶᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠨᠠᠷᠢᠨ ᠨᠢᠮᠪᠠᠢ ᠪᠠᠶᠢᠴᠠᠭᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ᠂ ᠪᠠᠷᠠᠭᠠᠨ ᠤ ᠭᠦᠢᠯᠭᠡᠭᠡ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠲᠠ ᠶᠢᠨ ᠠᠵᠢᠯᠯᠠᠭᠠᠨ ᠤ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠪᠠᠰᠠ ᠬᠤᠲᠣᠩ ᠠᠷᠠᠳ ᠤᠨ ᠲᠣᠭᠤᠷᠢᠭ ᠤᠨ ᠴᠡᠴᠡᠷᠯᠢᠭ ᠤᠨ ᠪᠠᠷᠠᠭᠤᠨ ᠵᠠᠮ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡ ᠳᠤ ᠬᠦᠷᠴᠦ᠂ ᠬᠦᠴᠦᠨ ᠤ ᠲᠤᠬᠢᠷᠠᠭᠤᠯᠤᠯᠳᠠ᠂ ᠵᠢᠵᠢᠭᠦᠷ ᠪᠡᠯᠡᠳᠬᠡᠯ᠂ ᠮᠡᠳᠡᠭᠦᠯᠦᠯᠲᠡ ᠶᠢ ᠬᠦᠯᠢᠶᠡᠨ ᠠᠪᠴᠤ ᠲᠣᠬᠢᠷᠠᠭᠤᠯᠬᠤ ᠵᠡᠷᠭᠡ ᠠᠵᠢᠯ ᠤᠨ ᠪᠠᠶᠢᠳᠠᠯ ᠢ ᠨᠠᠷᠢᠨ ᠠᠰᠠᠭᠤᠵᠤ᠂ ᠭᠠᠯ ᠤᠨᠲᠠᠷᠠᠭᠠᠬᠤ ᠵᠢᠯᠤᠭᠤᠳᠤᠬᠴᠢ ᠪᠠᠶᠢᠯᠳᠤᠭᠴᠢᠳ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠳᠦᠷ ᠳᠤᠳᠤᠮ ᠤᠨ  ᠪᠣᠯᠪᠠᠰᠤᠷᠠᠯ ᠢᠶᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠭᠡᠷᠡᠭᠲᠡᠢ᠃ ᠬᠠᠷᠢᠶ᠎ᠠ ᠭᠠᠵᠠᠷ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠲᠡᠳᠡᠨ ᠢ ᠬᠤᠲᠠ ᠶᠢᠨ ᠬᠥᠭᠵᠢᠯᠲᠡ ᠳᠤ ᠬᠦᠴᠦ ᠪᠠᠨ ᠨᠡᠮᠡᠷᠢᠯᠡᠨ᠂ ᠤᠯᠠᠨ ᠲᠦᠮᠡᠨ ᠤ ᠠᠮᠤᠷ ᠲᠦᠪᠰᠢᠨ ᠢ ᠬᠠᠮᠠᠭᠠᠯᠠᠬᠤ ᠳᠤ ᠦᠢᠯᠡᠴᠢᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃      ᠰᠦᠨ ᠬᠤᠤ᠂ ᠯᠢᠦ ᠵᠢᠢ ᠶᠢᠩ᠂ ᠸᠠᠩ ᠺᠦᠨ᠂ ᠼᠤᠤ ᡁᠢ᠂ ᠵᠤᠤ ᠶᠠᠨ ᠷᠦ᠂ ᠨᠢᠦ ᠹᠠᠩ ᠽᠧ᠂ ᠯᠢᠦ ᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1