ᠾᠧ ᠬᠠᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ | ︵ᠰᠤᠷᠪᠤᠯᠵᠢᠯᠠᠭᠴᠢ ᠠᠷᠢᠭᠤᠨ᠎ᠠ︶ 12 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠬᠤᠲᠠ ᠶᠢᠨ ᠠᠵᠤ | ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ | ᠪᠠᠶᠢᠳᠠᠯ᠂ ᠠᠵᠤ ᠠᠬᠤᠶ ᠶᠢᠨ ᠭᠤᠣᠯ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠮᠡᠳᠡᠭᠳᠡᠵᠦ᠂ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠥᠬᠦ | ᠬᠤᠲᠠ ᠶᠢᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠮᠡᠳᠡᠭᠳᠡᠵᠦ᠂ ᠬᠤᠲᠠ ᠶᠢᠨ ᠵᠠᠭᠠᠯᠳᠤᠯᠭ᠎ᠠ ᠶᠢ ᠭᠥᠯᠢᠶᠡᠨ | ᠠᠪᠤᠭᠰᠠᠨ ᠳᠠᠷᠤᠶ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠠᠴᠠ ᠪᠥᠬᠦ ᠬᠤᠲᠠ ᠶᠢᠨ 9 —11 | ᠳ᠋ᠦ᠋ᠭᠡᠷ ᠰᠠᠷ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠭᠦᠢᠴᠡᠳᠬᠡᠬᠦ ᠠᠵᠢᠯ ᠤᠨ ᠪᠠᠶᠢᠳᠠᠯ ᠢ ᠮᠡᠳᠡᠭᠳᠡᠵᠦ | ᠂ ᠬᠡᠰᠡᠭ ᠬᠤᠲᠠ ᠶᠢᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠲᠠᠢ ᠪᠠᠨ | ᠤᠶᠠᠯᠳᠤᠭᠤᠯᠤᠨ ᠠᠵᠢᠯ ᠤᠨ ᠦᠨᠡᠯᠡᠯᠲᠡ ᠬᠢᠵᠡᠶ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ | ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠾᠧ ᠬᠠᠢ ᠳ᠋ᠦᠩ ᠬᠡᠯᠡᠭᠰᠡᠨ ᠨᠢ᠂ ᠡᠨᠡ ᠵᠢᠯ ᠠᠴᠠ ᠨᠠᠭᠠᠰᠢ᠂ ᠪᠥᠬᠦ ᠬᠤᠲᠠ ᠶᠢᠨ ᠠᠵᠤ ᠠᠬᠤᠢ ᠶᠢᠨ | ᠠᠵᠢᠯᠯᠠᠭᠠᠨ ᠤ ᠢᠳᠡᠪᠬᠢ ᠡᠯᠧᠮᠧᠨ᠋ᠲ ᠨᠡᠮᠡᠭᠳᠡᠵᠦ᠂ ᠠᠵᠤ ᠠᠬᠤᠢ ᠶᠢᠨ ᠣᠯᠠᠨ ᠲᠦᠷᠦᠯ ᠤᠨ ᠭᠤᠣᠯ ᠭᠦᠢᠴᠡᠳᠬᠡᠯ | ᠲᠤᠭ᠎ᠠ ᠰᠠᠶᠢᠵᠢᠷᠠᠬᠤ ᠬᠠᠨᠳᠤᠰᠢ ᠲᠠᠢ ᠪᠣᠯᠪᠠ᠃ ᠣᠳᠣᠬᠠᠨ ᠳᠤ ᠶᠠᠭ ᠪᠦᠬᠦ ᠵᠢᠯ ᠤᠨ ᠰᠢᠪᠲᠤᠯᠤᠯᠲᠠ ᠶᠢᠨ | ᠵᠠᠩᠭᠢᠯᠠᠭ᠎ᠠ ᠶᠢᠨ ᠴᠠᠭ ᠪᠣᠯᠵᠣ ᠪᠠᠶᠢᠨ᠎ᠠ᠂ ᠪᠥᠬᠦ ᠬᠦᠴᠦᠨ ᠢᠶᠠᠷ ᠢᠶᠠᠨ ᠠᠬᠢᠴᠠ ᠶᠢ ᠲᠦᠷᠭᠡᠳᠬᠡᠨ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠾᠧ ᠬᠠᠢ ᠳ᠋ᠦᠩ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠢᠭᠲᠠᠢ | ᠨᠥᠬᠦᠴᠡᠯ ᠢ ᠭᠦᠢᠴᠡᠳ ᠠᠰᠢᠭᠯᠠᠵᠤ᠂ ᠡᠷᠴᠢ ᠵᠣᠷᠢᠭ ᠢ ᠳᠠᠶᠢᠴᠢᠯᠠᠵᠤ᠂ ᠨᠡᠩ ᠤᠯᠠᠨ ᠴᠢᠨᠠᠷ ᠰᠠᠶᠢᠲᠠᠢ ᠨᠡᠮᠡᠭᠳᠡᠯ ᠢ | ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ᠂ ᠲᠣᠭᠲᠠᠮᠠᠯ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ | ᠵᠢᠵᠢᠭᠯᠡᠨ ᠪᠤᠷᠤᠯᠠᠭᠤᠯᠤᠯᠲᠠ ᠵᠡᠷᠭᠡ ᠬᠦᠷᠢᠶᠡᠨ ᠳᠠᠬᠢ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ | ᠨᠡᠮᠡᠭᠳᠡᠭᠦᠯᠵᠦ᠂ ᠪᠦᠬᠦ ᠵᠢᠯ ᠳᠤ ᠨᠡᠩ ᠰᠠᠶᠢᠨ ᠠᠮᠵᠢᠯᠲᠠ ᠤᠯᠬᠤ ᠪᠠᠷ ᠴᠢᠷᠮᠠᠶᠢᠵᠤ᠂ ᠠᠵᠤ ᠠᠬᠤᠢ ᠶᠢᠨ | ᠦᠷᠭᠦᠯᠵᠢᠯᠡᠨ ᠳᠡᠭᠡᠭᠰᠢᠯᠡᠬᠦ ᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠢᠯᠴᠢ | ᠬᠠᠩᠭᠠᠬᠤ ᠪᠠᠲᠤᠯᠠᠭ᠎ᠠ ᠶᠢ ᠴᠢᠩᠭᠠᠳᠬᠠᠵᠤ᠂ ᠢᠯᠴᠢ ᠶᠢᠨ ᠰᠤᠷᠪᠤᠯᠵᠢ ᠶᠢᠨ ᠬᠠᠮᠢᠶᠠᠷᠤᠯᠲᠠ᠂ ᠬᠤᠭᠤᠯᠠᠶ ᠲᠣᠤᠷ ᠤᠨ | ᠬᠠᠮᠠᠭᠠᠯᠠᠯᠲᠠ᠂ ᠣᠨᠴᠠᠭᠠᠶ ᠠᠭᠤᠷ ᠠᠮᠢᠰᠬᠤᠯ ᠢ ᠠᠷᠭᠠᠴᠠᠬᠤ᠂ ᠢᠷᠡᠬᠦ ᠵᠢᠯ ᠤᠨ ᠡᠭᠦᠷᠭᠡ ᠶᠢ ᠤᠷᠢᠳᠴᠢᠯᠠᠨ | ᠲᠣᠬᠢᠷᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠴᠢᠩᠭᠠᠳᠬᠠᠵᠤ᠂ ᠢᠯᠴᠢ ᠬᠠᠩᠭᠠᠬᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠣᠯᠤᠨ ᠢᠯᠴᠢ ᠬᠠᠩᠭᠠᠬᠤ ᠠᠵᠤ ᠠᠬᠤᠶᠢᠯᠠᠯ ᠤᠳ ᠤᠨ ᠢᠯᠴᠢ ᠬᠠᠩᠭᠠᠬᠤ ᠠᠵᠢᠯ ᠳᠤᠮᠳᠠ | ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠵᠦ᠂ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠵᠠᠭᠠᠯᠳᠤᠯᠭ᠎ᠠ ᠶᠢ ᠭᠥᠯᠢᠶᠡᠨ | ᠠᠪᠤᠭᠰᠠᠨ ᠳᠠᠷᠤᠶ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠲᠤᠰ ᠲᠤᠰ ᠤᠨ ᠡᠭᠦᠷᠭᠡ ᠴᠢᠳᠠᠪᠬᠢ ᠪᠠ ᠦᠢᠯᠡᠳᠦᠯ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠵᠢᠯᠴᠠᠨ ᠬᠠᠮᠲᠤᠷᠠᠯᠴᠠᠵᠤ᠂ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠲᠣᠭᠲᠠᠴᠠ ᠶᠢ ᠲᠡᠭᠦᠯᠳᠡᠷᠵᠢᠭᠦᠯᠬᠦ᠂ ᠠᠷᠭ᠎ᠠ ᠪᠠᠷᠢᠯ ᠢ ᠰᠢᠨᠡᠴᠢᠯᠡᠬᠦ ᠶᠢᠨ ᠬᠠᠮᠲᠤ᠂ ᠬᠠᠯᠠᠮᠰᠢᠯ | ᠠᠰᠠᠭᠤᠳᠠᠯ ᠢ ᠴᠠᠭ ᠢᠮᠠᠭᠲᠠ ᠠᠩᠬᠠᠷᠴᠤ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠭᠦᠢᠴᠡᠳᠬᠡᠬᠦ᠂ | ᠬᠠᠭᠤᠳᠠᠰᠤ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠵᠦ᠂ ᠬᠠᠮᠲᠤ ᠪᠠᠷ ᠡᠨᠡ ᠵᠢᠯ ᠤᠨ | ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠵᠦ᠂ ᠪᠦᠬᠦ ᠬᠤᠳᠠ ᠶᠢᠨ ᠠᠷᠠᠳ ᠲᠦᠮᠡᠨ ᠳᠤ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃ | ᠯᠢᠦ ᠵᠢᠢ ᠶᠢᠩ᠂ ᠸᠠᠩ ᠺᠦᠨ᠂ ᠸᠠᠩ ᠰᠢᠨ ᠢᠦᠢ᠂ ᠨᠢᠦ ᠹᠠᠩ ᠽᠧ᠂ ᠵᠢᠶᠤᠤ ᠬᠤᠩ᠂ ᠹᠦ᠋ ᠶᠢᠨ ᠽᠠᠢ᠂ | ᠲᠠᠯ᠎ᠠ᠂ ᠭᠤᠤ ᠬᠠᠨ᠂ ᠵᠦ ᠵᠢᠶᠠᠨ ᠭᠦᠸᠧ ᠬᠤᠷᠠᠯ ᠳᠤ ᠣᠷᠣᠯᠴᠠᠪᠠ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠲᠤᠬᠢᠷᠠᠭᠤᠯᠪᠠ᠃ |