| | ︵ᠰᠤᠷᠪᠤᠯᠵᠢᠯᠠᠭᠴᠢ ᠴᠢ ᠰᠢᠶᠣᠣ ᠶᠠᠨ︶ ᠰᠠᠶᠢᠬᠠᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ | ᠵᠢᠯ ᠤᠨ 1— 11 ᠳ᠋ᠦ᠋ᠭᠡᠷ ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠠᠷᠠᠯᠵᠢᠶᠠᠨ ᠤ ᠥᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ 201.1 ᠳ᠋ᠦᠩᠰᠢᠭᠤᠷ ᠲᠥᠭᠦᠷᠢᠭ ᠬᠦᠷᠴᠦ | ᠂ ᠠᠳᠠᠯᠢ ᠬᠤᠭᠤᠴᠠᠭᠠᠨ ᠤ ᠬᠢ ᠠᠴᠠ 30.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ | ᠵᠠᠰᠠᠬᠤ ᠣᠷᠣᠨ ᠤ ᠬᠢ ᠠᠴᠠ 21 ᠵᠠᠭᠤᠨ ᠤ ᠨᠢᠭᠡᠴᠢ ᠥᠨᠳᠥᠷ ᠪᠣᠯᠵᠤ᠂ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠡᠭᠦᠨ ᠳᠤ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠥᠷᠲᠡᠭ 91.2 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 44.8% ᠪᠠᠷ ᠨᠡᠮᠡᠭᠳᠡᠪᠡ᠃ ᠭᠠᠳᠠᠭᠠᠳᠤ | ᠭᠠᠷᠭᠠᠯᠲᠠ ᠶᠢᠨ ᠠᠷᠠᠯᠵᠢᠶᠠᠨ ᠤ ᠥᠷᠲᠡᠭ 109.9 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 20.6% ᠪᠠᠷ ᠨᠡᠮᠡᠭᠳᠡᠪᠡ᠃ | ᠪᠣᠳᠠᠲᠠᠶ ᠪᠠᠷ ᠦᠵᠡᠪᠡᠯ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠭᠤᠤᠯ ᠲᠠᠸᠠᠷ ᠨᠢ | ᠪᠣᠯᠪᠠᠰᠤᠷᠠᠭᠤᠯᠤᠭᠰᠠᠨ ᠲᠣᠰᠣ᠂ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠵᠡᠷᠭᠡ ᠪᠠᠶᠢᠵᠤ᠂ ᠭᠠᠳᠠᠭᠠᠳᠤ ᠠᠴᠠ | ᠣᠷᠣᠭᠤᠯᠤᠭᠰᠠᠨ ᠥᠷᠲᠡᠭ ᠨᠢ ᠲᠣᠰ ᠲᠣᠰ 35.1 ᠳ᠋ᠦᠩᠰᠢᠭᠤᠷ ᠲᠥᠭᠦᠷᠢᠭ᠂ 21.9 ᠳ᠋ᠦᠩᠰᠢᠭᠤᠷ ᠲᠥᠭᠦᠷᠢᠭ᠂ | 14 ᠳ᠋ᠦᠩᠰᠢᠭᠤᠷ ᠲᠥᠭᠦᠷᠢᠭ ᠪᠣᠯᠤᠨ᠎ᠠ᠃ ᠭᠠᠳᠠᠭᠠᠳᠤ ᠳᠤ ᠭᠠᠷᠭᠠᠭᠰᠠᠨ ᠭᠤᠤᠯ ᠲᠠᠸᠠᠷ ᠨᠢ ᠮᠠᠰᠢᠨ ᠴᠠᠬᠢᠯᠭᠠᠨ ᠤ | ᠪᠦᠲᠦᠭᠡᠭᠳᠡᠬᠦᠨ᠂ ᠳᠡᠭᠡᠳᠦ ᠰᠢᠨ᠎ᠡ ᠮᠡᠷᠭᠡᠵᠢᠯ ᠤᠨ ᠪᠦᠲᠦᠭᠡᠭᠳᠡᠬᠦᠨ᠂ ᠡᠮ ᠡᠮᠨᠡᠯᠭᠡ ᠶᠢᠨ ᠮᠠᠲ᠋ᠧᠷᠢᠶᠠᠯ ᠵᠢᠴᠢ ᠡᠮ ᠤᠨ | ᠵᠦᠢᠯ ᠵᠡᠷᠭᠡ ᠪᠠᠶᠢᠵᠤ᠂ ᠭᠠᠳᠠᠭᠠᠳᠤ ᠳᠤ ᠭᠠᠷᠭᠠᠭᠰᠠᠨ ᠥᠷᠲᠡᠭ ᠨᠢ ᠲᠣᠰ ᠲᠣᠰ 26 ᠳ᠋ᠦᠩᠰᠢᠭᠤᠷ ᠲᠥᠭᠦᠷᠢᠭ᠂ | 17.4 ᠳ᠋ᠦᠩᠰᠢᠭᠤᠷ ᠲᠥᠭᠦᠷᠢᠭ᠂ 15 ᠳ᠋ᠦᠩᠰᠢᠭᠤᠷ ᠲᠥᠭᠦᠷᠢᠭ ᠪᠣᠯᠤᠨ᠎ᠠ᠃ ᠭᠤᠣᠯ ᠪᠣᠯᠬᠤ ᠠᠷᠠᠯᠵᠢᠶᠠᠨ ᠤ | ᠵᠠᠬ᠎ᠠ ᠳᠡᠯᠭᠡᠭᠦᠷ ᠲᠤ ︽ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ︾ ᠤᠳ ᠤᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠬᠠᠮᠤᠭ ᠤᠨ ᠥᠨᠳᠥᠷ ᠪᠠᠶᠢᠵᠤ᠂ 127.1 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 63.4% ᠪᠠᠷ ᠨᠡᠮᠡᠭᠳᠡᠨ᠂ ᠪᠥᠬᠦ ᠬᠤᠲᠠ ᠶᠢᠨ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠤᠨ 63.2% ᠢ ᠡᠵᠡᠯᠡᠪᠡ᠃ | ᠮᠠᠯᠠᠶᠢᠰᠢᠶ᠎ᠠ᠂ ᠠᠮᠧᠷᠢᠺᠠ᠂ ᠮᠣᠩᠭᠤᠯ᠂ ᠣᠷᠣᠰ ᠵᠡᠷᠭᠡ ᠤᠯᠤᠰ ᠭᠤᠣᠯ ᠠᠷᠠᠯᠵᠢᠶᠠᠨ ᠤ ᠤᠯᠤᠰ ᠪᠠᠶᠢᠵᠦ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ ᠨᠢ ᠲᠣᠰ ᠲᠣᠰ 36 | ᠳ᠋ᠦᠩᠰᠢᠭᠤᠷ ᠲᠥᠭᠦᠷᠢᠭ᠂ 26.9 ᠳ᠋ᠦᠩᠰᠢᠭᠤᠷ ᠲᠥᠭᠦᠷᠢᠭ᠂ 21.7 ᠳ᠋ᠦᠩᠰᠢᠭᠤᠷ ᠲᠥᠭᠦᠷᠢᠭ᠂ 16.8 | ᠳ᠋ᠦᠩᠰᠢᠭᠤᠷ ᠲᠥᠭᠦᠷᠢᠭ ᠬᠦᠷᠴᠡᠢ᠃ | ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠰᠠᠯᠠᠭᠠᠨ ᠳᠠᠷᠤᠭ᠎ᠠ ᠯᠢ ᠪᠢᠨ ᠢᠯᠡᠳᠭᠡᠬᠦ ᠳᠡᠭᠡᠨ᠄ ︽ | ᠬᠥᠬᠡᠬᠤᠲᠠ ᠣᠷᠣᠨ ᠤ ᠲᠥᠪ ᠬᠤᠳᠠ ᠪᠣᠯᠤᠭᠰᠠᠨ ᠤ ᠬᠤᠪᠢ ᠳᠤ ᠣᠷᠣᠨ ᠪᠠᠶᠢᠷᠢ᠂ ᠰᠠᠭᠤᠷᠢ ᠲᠥᠬᠦᠭᠡᠷᠦᠮᠵᠢ᠂ | ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠣᠷᠣᠯᠠᠭᠤᠯᠵᠤ ᠪᠣᠯᠤᠰᠢ ᠦᠭᠡᠢ ᠳᠠᠪᠠᠭᠤᠯᠢᠭ ᠲᠠᠢ᠃ | ᠡᠨᠡ ᠵᠢᠯ ᠠᠴᠠ ᠨᠠᠭᠠᠰᠢ᠂ ᠡᠯᠡᠰᠦᠨ ᠨᠢᠷᠤᠭᠤ᠂ ᠲᠢᠶᠧ ᠲᠦᠩ ᠪᠠᠷᠠᠭᠠᠨ ᠭᠦᠢᠯᠭᠡᠭᠡᠨ ᠤ ᠲᠣᠭᠤᠷᠢᠭ ᠤᠨ | ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠭᠠᠵᠠᠷ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ ᠵᠠᠬᠢᠶᠠᠴᠢᠯᠠᠭᠰᠠᠨ | ᠵᠢᠰᠢᠶᠡᠨ ᠤ ᠭᠠᠯᠲᠤ ᠲᠡᠷᠭᠡᠨ ᠲᠡᠭᠡᠭᠡᠪᠦᠷᠢ ᠶᠢᠨ ᠲᠤᠭ᠎ᠠ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ ᠳᠤᠮᠳᠠᠳᠤ | ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠵᠦ ᠪᠠᠭᠳᠠᠭᠠᠮᠵᠢ ᠶᠢ ᠦᠷᠭᠡᠳᠭᠡᠬᠦ ᠳᠤ | ᠴᠢᠬᠤᠯᠠ ᠨᠥᠬᠦᠴᠡᠯ ᠬᠠᠩᠭᠠᠵᠤ᠂ ︿ᠨᠢᠭᠡ ᠪᠦᠰᠡ ᠨᠢᠭᠡ ᠵᠠᠮ ᠢ ᠬᠠᠮᠲᠤ ᠪᠠᠷ ᠴᠣᠭᠴᠠᠯᠠᠬᠤ ᠤᠯᠤᠰ﹀ ᠲᠠᠢ | ᠠᠷᠠᠯᠵᠢᠶᠠᠨ ᠤ ᠬᠡᠪᠴᠢᠶ᠎ᠡ ᠪᠠᠨ ᠦᠷᠭᠡᠳᠬᠡᠭᠰᠡᠨ ᠨᠢ ᠨᠢᠭᠡᠨᠲᠡ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ | ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠵᠦᠢᠯ ᠪᠣᠯᠤᠭᠰᠠᠨ ᠪᠠᠶᠢᠨ᠎ᠠ︾ ᠭᠡᠵᠡᠶ᠃ |