︵ᠰᠤᠷᠪᠤᠯᠵᠢᠯᠠᠭᠴᠢ ᠡᠦ ᠽᠢ ᠰᠢᠤᠸᠠᠨ︶ 12 ᠳ᠋ᠤᠭᠠᠷ ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠠᠴᠠ ᠭᠤᠤᠯᠯᠠᠨ ᠡᠷᠭᠢᠯᠡᠵᠦ | ᠂ ᠥᠪᠥᠷ ᠮᠣᠩᠭᠤᠯ ᠤᠨ ᠮᠧᠩ ᠺᠧ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠮᠧᠩ ᠺᠧ ᠵᠢᠤᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠬᠥᠬᠡᠬᠤᠲᠠ ᠳᠤ | ᠶᠠᠪᠤᠭᠳᠠᠵᠤ᠂ ᠪᠥᠬᠦ ᠤᠯᠤᠰ ᠤᠨ 118 ᠲᠥᠷᠥᠯ ᠵᠦᠢᠯ ᠡᠴᠦᠰ ᠤᠨ ᠮᠥᠷᠦ᠋ᠢᠴᠡᠭᠡᠨ ᠳᠤ ᠣᠷᠣᠯᠴᠠᠪᠠ᠃ | ᠲᠣᠰ ᠤᠳᠠᠭᠠᠨ ᠤ ᠤᠷᠤᠯᠳᠤᠭᠠᠨ ᠨᠢ ︽ᠰᠢᠨ᠎ᠡ ᠶᠢ ᠡᠭᠦᠳᠬᠦ ᠶᠢ ᠲᠥᠪᠯᠡᠷᠡᠭᠦᠯᠦᠨ᠂ ᠤᠯᠠᠷᠢᠭᠤᠯᠬᠤ ᠶᠢ | ᠠᠬᠢᠭᠤᠯᠵᠤ᠂ ᠠᠵᠤ ᠦᠢᠯᠡᠰ ᠢ ᠬᠥᠭᠵᠢᠭᠦᠯᠬᠦ︾ ᠪᠠᠷ ᠭᠤᠤᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠤᠯᠠᠮ ᠨᠢᠭᠡ ᠠᠯᠬᠤᠮ | ᠦᠢᠯᠡᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ | ᠠᠬᠢᠭᠤᠯᠬᠤ ᠪᠠᠷ ᠬᠠᠷᠠᠯᠲᠠ ᠪᠣᠯᠭᠠᠵᠤ᠂ ᠵᠠᠬ᠎ᠠ ᠳᠡᠯᠭᠡᠭᠦᠷ ᠲᠠᠢ ᠰᠠᠶᠢᠨ ᠮᠡᠷᠭᠡᠵᠢᠯ᠂ ᠰᠠᠶᠢᠨ ᠲᠥᠷᠥᠯ ᠵᠦᠢᠯ᠂ ᠰᠠᠶᠢᠨ | ᠦᠢᠯᠡᠳᠬᠦᠨ ᠢ ᠰᠢᠯᠢᠨ ᠰᠣᠩᠭᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠤᠨ | ᠤᠯᠠᠷᠢᠭᠤᠯᠬᠤ ᠶᠢ ᠲᠦᠷᠭᠡᠳᠬᠡᠬᠦ ᠶᠢᠨ ᠲᠥᠯᠥᠭᠡ ᠶᠤᠮ᠃ ᠤᠷᠤᠯᠳᠤᠭᠠᠨ 9 ᠳ᠋ᠦ᠋ᠭᠡᠷ ᠰᠠᠷ᠎ᠠ ᠳᠤ ᠡᠬᠢᠯᠡᠭᠰᠡᠨ ᠠᠴᠠ | ᠨᠠᠭᠠᠰᠢ᠂ ᠪᠦᠬᠦ ᠤᠯᠤᠰ ᠤᠨ 13 ᠮᠤᠵᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | 146 ᠲᠥᠷᠥᠯ ᠵᠦᠢᠯ ᠨᠡᠷ᠎ᠡ ᠮᠡᠳᠡᠭᠦᠯᠦᠨ ᠣᠷᠣᠯᠴᠠᠵᠤ᠂ ᠡᠴᠦᠰ ᠲᠡᠭᠡᠨ 118 ᠲᠥᠷᠥᠯ ᠵᠦᠢᠯ ᠰᠢᠢᠳᠪᠦᠷᠢᠲᠦ | ᠤᠷᠤᠯᠳᠤᠭᠠᠨ ᠳᠤ ᠣᠷᠣᠵᠤ᠂ ᠲᠡᠷᠢᠭᠦᠨ ᠤ ᠦᠢᠯᠡᠳᠭᠡᠯ᠂ ᠲᠣᠭᠠᠴᠢᠯᠠᠯᠲᠠ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠵᠡᠷᠭᠡ | ᠵᠢᠷᠭᠤᠭᠠᠨ ᠶᠡᠭᠡ ᠬᠦᠷᠢᠶ᠎ᠡ ᠶᠢ ᠬᠠᠮᠤᠷᠴᠤ᠂ ᠡᠭᠦᠨ ᠳᠤ ᠣᠯᠠᠩᠬᠢ ᠲᠥᠷᠥᠯ ᠵᠦᠢᠯ ᠨᠢ ᠨᠢᠭᠡᠨᠲᠡ ᠵᠠᠬ᠎ᠠ ᠳᠡᠯᠭᠡᠭᠦᠷ ᠤᠨ | ᠵᠥᠪᠰᠢᠶᠡᠷᠡᠯ ᠢ ᠣᠯᠵᠤ᠂ ᠠᠵᠤ ᠦᠢᠯᠡᠰᠵᠢᠯᠲᠡ ᠶᠢᠨ ᠰᠠᠶᠢᠨ ᠰᠠᠭᠤᠷᠢ ᠶᠢ ᠪᠦᠷᠢᠯᠳᠦᠭᠦᠯᠪᠡ᠃ | ᠰᠢᠢᠳᠪᠦᠷᠢᠲᠦ ᠤᠷᠤᠯᠳᠤᠭᠠᠨ ᠳᠤ ︽10+5︾ ᠵᠠᠭᠪᠤᠷ ᠢᠶᠠᠷ ᠲᠥᠷᠥᠯ ᠵᠦᠢᠯ ᠤᠨ ᠦᠵᠡᠭᠦᠯᠭᠡ ᠬᠢᠵᠦ᠂ | ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠯ᠎ᠡ ᠬᠦᠷᠢᠶᠡᠨ ᠳᠤ ᠴᠥᠮ ᠨᠢᠭᠡᠳᠦᠭᠡᠷ ᠳᠡᠰ ᠤᠨ | ᠱᠠᠩᠨᠠᠯ 1 ᠨᠡᠷᠡᠰ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ | ᠲᠣᠳᠣᠷᠠᠵᠤ᠂ ᠤᠷᠤᠯᠳᠤᠭᠠᠨ ᠤ ᠳᠠᠷᠠᠭ᠎ᠠ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠡᠭᠦᠨ ᠤ ᠬᠠᠮᠲᠤ᠂ ᠱᠠᠩᠨᠠᠯ | ᠣᠯᠤᠭᠰᠠᠨ ᠲᠥᠷᠥᠯ ᠵᠦᠢᠯ ᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ | ᠬᠦᠷᠢᠶᠡᠯᠡᠩ ᠤᠨ ᠪᠠᠯᠠ ᠣᠷᠣᠭᠤᠯᠵᠤ ᠨᠡᠪᠴᠢᠭᠦᠯᠬᠦ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠣᠷᠣᠭᠤᠯᠵᠤ᠂ | ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠭᠡ | ᠂ ᠠᠵᠤ ᠦᠢᠯᠡᠰ ᠢ ᠵᠣᠯᠭᠠᠭᠤᠯᠬᠤ᠂ ᠪᠠᠯᠠ ᠣᠷᠣᠭᠤᠯᠤᠯᠲᠠ᠂ ᠲᠠᠪᠴᠠᠩ ᠤᠨ ᠬᠠᠮᠲᠤᠷᠠᠯᠴᠠᠭ᠎ᠠ ᠵᠡᠷᠭᠡ ᠣᠯᠠᠨ | ᠵᠦᠢᠯ ᠤᠨ ᠥᠷᠲᠡᠭ ᠤᠨ ᠨᠡᠮᠡᠭᠳᠡᠯ ᠤᠨ ᠦᠢᠯᠡᠴᠢᠯᠡᠭᠡ ᠡᠳ᠋ᠯᠡᠨ᠎ᠡ᠂ ︽ᠮᠧᠩ ᠺᠧ ᠵᠢᠤᠢ︾ ᠶᠢᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠨᠢ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠤ᠂ ᠨᠠᠩ | ᠣᠯᠠᠨ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠬ᠎ᠠ ᠳᠡᠯᠭᠡᠭᠦᠷ ᠲᠤ ᠭᠠᠷᠭᠠᠬᠤ ᠶᠢ | ᠳᠥᠯᠭᠢᠨ ᠠᠬᠢᠭᠤᠯᠵᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠳᠠᠶᠢᠴᠢᠯᠠᠬᠤ ᠪᠣᠯᠤᠨ᠎ᠠ᠃ |