ᠴᠢᠩ ᠱᠦᠢ ᠾᠧ ᠰᠢᠶᠠᠨ ᠣᠷᠳᠣ ᠴᠠᠭᠠᠨ ᠬᠡᠷᠡᠮ ᠬᠠᠲᠤᠨ ᠭᠤᠣᠯ ᠤᠨ ᠰᠣᠶᠣᠯ ᠢᠶᠠᠷ ᠴᠢᠩ ᠱᠦᠢ ᠾᠧ  ᠶᠢᠨ ᠰᠣᠶᠣᠯ ᠵᠢᠭᠤᠯᠴᠢᠯᠠᠯ ᠤᠨ ᠰᠢᠨ᠎ᠡ ᠥᠨᠳᠦᠷᠯᠢᠭ ᠢ ᠪᠠᠶᠢᠭᠤᠯᠪᠠ
ᠨᠡᠶᠢᠲᠡᠯᠡᠭᠰᠡᠨ ᠴᠠᠭ᠄
2024/12/25
    ᠨᠢᠭᠡ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠰᠣᠶᠣᠯ ᠤᠨ ᠥᠪ ᠤᠨ ᠬᠠᠮᠠᠭᠠᠯᠠᠯᠲᠠ ᠶᠢ ᠲᠣᠪᠤᠶᠢᠯᠭᠠᠨ᠎ᠠ᠃ ᠵᠠᠮ ᠳᠠᠭᠠᠤ ᠶᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠣᠷᠣᠨ ᠪᠦᠰᠡ ᠶᠢᠨ ᠳᠣᠲᠣᠷᠠᠬᠢ ᠤᠷᠲᠤ ᠴᠠᠭᠠᠨ ᠬᠡᠷᠡᠮ᠂ ᠬᠠᠲᠤᠨ ᠭᠤᠣᠯ ᠤᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠤᠶᠢᠯᠪᠤᠷᠢᠲᠠᠢ ᠲᠣᠳᠣᠷᠬᠠᠢ ᠣᠶᠢᠯᠠᠭᠠᠬᠤ ᠬᠡᠷᠡᠭᠲᠡᠢ᠃ ᠤᠷᠢᠳ ᠬᠤᠵᠢᠳ 3100 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠺᠧᠦ ᠽᠢ ᠱᠠᠩ ᠶᠠ ᠪᠤᠯᠤᠩ ᠤᠨ ᠲᠤᠯᠭᠠᠭᠤᠷᠢ᠂ ᠰᠢᠦᠢ ᠣᠪᠣᠭᠲᠤ ᠶᠢᠨ ᠠᠰᠠᠷ᠂ ᠵᠢᠶᠠᠨ ᠫᠠᠢ ᠠᠰᠠᠷ ᠂ ᠰᠢᠶᠣᠣ ᠶᠤᠸᠠᠨ ᠮᠣᠣ᠂ ᠶᠣᠣ ᠸᠠ᠂ ᠱᠢ ᠬᠤ᠋ ᠯᠢᠶᠠᠩ ᠵᠡᠷᠭᠡ ᠴᠢᠬᠤᠯᠠ ᠪᠠᠷᠢᠯᠭ᠎ᠠ ᠵᠢᠴᠢ ᠤᠷᠳᠤ ᠴᠠᠭᠠᠨ ᠬᠡᠷᠡᠮ ᠤᠨ ᠳᠠᠭᠠᠯᠲᠠ ᠪᠠᠷᠢᠯᠭ᠎ᠠ ᠶᠢ ᠬᠠᠮᠠᠭᠠᠯᠠᠨᠰᠡᠯᠪᠢᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠮᠢᠩ ᠤᠯᠤᠰ ᠤᠨ ᠤᠷᠳᠤ ᠴᠠᠭᠠᠨ ᠬᠡᠷᠡᠮ ᠤᠨ ᠰᠢᠶᠣᠣ ᠶᠤᠸᠠᠨ ᠮᠣᠣ ᠶᠢᠨ ᠬᠡᠰᠡᠭ ᠤᠨ 1 - 4 ᠳ᠋ᠦ᠋ᠭᠡᠷ ᠨᠣᠮᠧᠷᠲᠤ ᠮᠣᠷᠢᠨ ᠬᠠᠪᠲᠠᠭᠠᠢ ᠲᠦᠷᠦᠯ ᠵᠢᠴᠢ ᠬᠡᠷᠡᠮ᠂1 ᠳ᠋ᠦ᠋ᠭᠡᠷ ᠨᠣᠮᠧᠷᠲᠤ ᠴᠣᠨᠵᠢ ᠶᠢᠨ ᠬᠠᠮᠠᠭᠠᠯᠠᠯᠲᠠ ᠪᠠ ᠰᠡᠯᠪᠢᠨ ᠵᠠᠰᠠᠬᠤ ᠢᠨᠵᠧᠨᠧᠷᠢᠩ ᠢ ᠥᠷᠨᠢᠭᠦᠯᠦᠭᠰᠡᠨ ᠪᠠᠶᠢᠨ᠎ᠠ᠃ ᠾᠧᠢ ᠹᠠᠨ ᠭᠧᠦ ᠶᠢᠨ ᠪᠠᠭᠤᠷᠢ᠂ ᠴᠠ ᠾᠧ ᠺᠧᠦ ᠶᠢᠨ ᠭᠦᠩᠵᠦ ᠶᠢᠨ ᠬᠥᠰᠢᠶ᠎ᠡ᠂ ᠯᠢᠦ ᠴᠢᠩ ᠾᠧ ᠶᠢᠨ ᠡᠷᠲᠡᠨ ᠤ ᠰᠢ ᠶᠢᠨ ᠲᠠᠶᠢᠰᠠ᠂ ᠳ᠋ᠦᠢ ᠵᠢᠦ ᠫᠢᠩ ᠰᠢ ᠶᠢᠨ ᠲᠠᠶᠢᠰᠠ᠂ ᠰᠢᠶᠣᠣ ᠶᠤᠸᠠᠨ ᠮᠣᠣ ᠶᠢᠨ1ᠳ᠋ᠦ᠋ᠭᠡᠷ ᠨᠣᠮᠧᠷᠲᠤ ᠳᠠᠶᠢᠰᠤᠨ ᠤ ᠲᠠᠶᠢᠰᠠ᠂ ᠰᠢᠶᠣᠣ ᠶᠤᠸᠠᠨ ᠮᠣᠣ ᠶᠢᠨ ᠣᠷᠳᠣ ᠴᠠᠭᠠᠨ ᠬᠡᠷᠡᠮ ᠳᠤ ᠰᠡᠲᠡᠷᠬᠡᠢ ᠬᠡᠷᠡᠮ ᠢ ᠰᠡᠯᠪᠢᠨ ᠵᠠᠰᠠᠵᠤ ᠬᠠᠮᠠᠭᠠᠯᠠᠬᠤ ᠢᠨᠵᠧᠨᠧᠷᠢᠩ ᠢ ᠡᠬᠢᠯᠡᠭᠦᠯᠦᠨ᠎ᠡ᠃ ᠬᠠᠲᠤᠨ ᠭᠤᠣᠯ᠂ ᠣᠷᠳᠣ ᠴᠠᠭᠠᠨ ᠬᠡᠷᠡᠮ ᠳᠠᠭᠠᠤ ᠶᠢᠨ ᠪᠣᠳᠠᠰ ᠤᠨ ᠪᠤᠰᠤ ᠰᠣᠶᠣᠯ ᠤᠨ ᠥᠪ ᠢ ᠨᠡᠶᠢᠳᠡᠮ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠣᠲᠣ ᠪᠣᠯᠲᠠᠯ᠎ᠠ ᠨᠡᠶᠢᠲᠡ 90 ᠭᠠᠷᠤᠢ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠲᠥᠷᠥᠯ ᠵᠦᠢᠯ ᠢ ᠢᠯᠡᠷᠡᠭᠦᠯᠵᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠷᠡᠰ ᠤᠨ ᠵᠢᠭᠰᠠᠭᠠᠯᠲᠠ ᠶᠢᠨ 5 ᠲᠥᠷᠥᠯ ᠵᠦᠢᠯ ᠢ ᠠᠮᠵᠢᠯᠲᠠ ᠲᠠᠢ ᠮᠡᠳᠡᠭᠦᠯᠪᠡ᠃ᠬᠤᠲᠠ ᠶᠢᠨ ᠲᠡᠰ ᠤᠨ ᠨᠡᠷᠡᠰ ᠤᠨ ᠵᠢᠭᠰᠠᠭᠠᠯᠲᠠ ᠶᠢᠨ ᠲᠥᠷᠥᠯ ᠵᠦᠢᠯ 16 ᠵᠦᠢᠯ ᠪᠠᠶᠢᠵᠦ᠂ ᠰᠢᠶᠠᠨ ᠤ ᠲᠡᠰ ᠤᠨ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ15ᠵᠦᠢᠯ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠤᠯᠠᠮᠵᠢᠯᠠᠨ ᠵᠠᠯᠭᠠᠮᠵᠢᠯᠠᠭᠴᠢ 9 ᠬᠥᠮᠥᠨ᠂ ᠬᠤᠲᠠ ᠶᠢᠨ ᠳᠡᠰ ᠤᠨ ᠤᠯᠠᠮᠵᠢᠯᠠᠨ ᠵᠠᠯᠭᠠᠮᠵᠢᠯᠠᠭᠴᠢ17 ᠬᠥᠮᠥᠨ᠂ ᠰᠢᠶᠠᠨ ᠤ ᠳᠡᠰ ᠤᠨ ᠤᠯᠠᠮᠵᠢᠯᠠᠨ ᠵᠠᠯᠭᠠᠮᠵᠢᠯᠠᠭᠴᠢ 42 ᠬᠥᠮᠥᠨ ᠲᠠᠢ᠃     ᠬᠤᠶᠠᠷ ᠲᠤ᠂ ᠰᠢᠯᠢᠳᠡᠭ ᠤᠯᠠᠮᠵᠢᠯᠠᠯᠲᠤ ᠰᠣᠶᠣᠯ ᠤᠨ ᠰᠢᠨ᠎ᠡ ᠶᠢ ᠡᠭᠦᠳᠬᠦ ᠬᠦᠭᠵᠢᠯᠲᠡ ᠶᠢ ᠳᠣᠪᠤᠶᠢᠯᠭᠠᠨ᠎ᠠ᠃ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠡᠭᠦᠳᠡᠨ ᠠᠴᠠ ᠪᠣᠳᠣᠯᠬᠢᠯᠠᠨ᠂ ᠨᠢᠭᠡ ᠪᠦᠯᠦᠭ ᠣᠷᠳᠣ ᠴᠠᠭᠠᠨ ᠬᠡᠷᠡᠮ᠂ ᠬᠠᠲᠤᠨ ᠭᠤᠣᠯ ᠤᠨ ᠭᠤᠣᠯ ᠰᠡᠳᠦᠪᠲᠦ ᠤᠷᠠᠯᠢᠭ ᠤᠨ ᠤᠬᠢ ᠪᠦᠲᠦᠭᠡᠯ᠂ ᠣᠨᠴᠠᠯᠢᠭᠲᠤ ᠦᠵᠡᠰᠬᠦᠯᠡᠩ ᠪᠣᠯᠣᠨ ᠰᠣᠶᠣᠯ ᠤᠨ ᠡᠭᠦᠳᠦᠯᠲᠡ ᠶᠢᠨ ᠡᠭᠦᠰᠦᠮᠡᠯ ᠪᠦᠲᠦᠭᠡᠭᠳᠡᠬᠦᠨ ᠢ ᠭᠠᠷᠭᠠᠵᠤ᠂ ᠰᠣᠶᠣᠯ ᠤᠨ ᠥᠪ ᠢ ᠣᠲᠣ ᠦᠶ᠎ᠡ ᠶᠢᠨ ᠠᠮᠢᠳᠤᠷᠠᠯ ᠳᠤ ᠨᠠᠩ ᠰᠠᠶᠢᠲᠤᠷ ᠠᠭᠤᠰᠤᠯᠴᠠᠭᠤᠯᠬᠤ ᠬᠡᠷᠡᠭᠲᠡᠢ᠃ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠬᠤ ᠳᠤ ᠲᠦᠰᠢᠭᠯᠡᠨ ᠰᠣᠶᠣᠯ ᠤᠨ ᠥᠪ ᠤᠨ ᠥᠷᠲᠡᠭ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠬᠠᠮᠲᠤ᠂ ᠬᠢᠵᠠᠭᠠᠷ ᠦᠭᠡᠢ ᠣᠷᠣᠨ ᠵᠠᠢ ᠶᠢᠨ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠲᠦᠷᠭᠡᠨ ᠨᠡᠭᠡᠭᠡᠬᠦ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠡᠷᠭᠡ ᠣᠨᠴᠠᠯᠢᠭᠲᠤ ᠲᠥᠷᠥᠯ ᠵᠦᠢᠯ ᠢ ᠭᠠᠷᠭᠠᠵᠤ᠂ ︽ᠴᠢᠩ ᠱᠦᠢ ᠾᠧ ᠶᠢᠨ ᠤᠷᠲᠤ ᠴᠠᠭᠠᠨ ᠬᠡᠷᠡᠮ ᠤᠨ ᠰᠣᠶᠣᠯ ᠤᠨ ᠵᠢᠭᠤᠯᠴᠢᠯᠠᠯ ᠤᠨ ᠨᠠᠶᠢᠷ︾᠂ ︽ᠬᠠᠲᠤᠨ ᠭᠤᠣᠯ ᠤᠨ ᠵᠤᠨ ᠤ ᠤᠯᠠᠷᠢᠯ ᠤᠨ ᠰᠣᠶᠣᠯ︾᠂ ︽ᠣᠷᠳᠣ ᠴᠠᠭᠠᠨ ᠬᠡᠷᠡᠮ ᠤᠨ ᠰᠣᠶᠣᠯ ᠤᠨ ᠰᠤᠳᠤᠯᠤᠨ ᠶᠠᠷᠢᠯᠴᠠᠬᠤ ᠬᠤᠷᠠᠯ︾᠂ ︽ᠳᠤᠮᠳᠠᠳᠤ ᠶᠢᠨ ᠤᠯᠠᠮᠵᠢᠯᠠᠯᠲᠤ ᠰᠢᠯᠢᠳᠡᠭ ᠰᠣᠶᠣᠯ ᠤᠨ ᠶᠠᠷᠢᠶᠠᠨ ᠤ ᠲᠠᠩᠬᠢᠮ︾᠂ ︽ᠴᠢᠩ ᠱᠦᠢ ᠾᠧ ᠰᠢᠶᠠᠨ ᠤ ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ︾ ᠵᠡᠷᠭᠡ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠦᠷᠭᠦᠯᠵᠢᠯᠡᠨ ᠴᠣᠭᠴᠠᠯᠠᠵᠤ᠂ ᠣᠷᠳᠣ ᠴᠠᠭᠠᠨ ᠬᠡᠷᠡᠮ᠂ ᠬᠠᠲᠤᠨ ᠭᠤᠣᠯ ᠤᠨ ᠰᠣᠶᠣᠯ ᠤᠨ ᠥᠪ ᠢ ᠠᠮᠢᠳᠤᠯᠢᠭ ᠪᠥᠭᠡᠳ ᠰᠠᠶᠢᠲᠤᠷ ᠤᠯᠠᠮᠵᠢᠯᠠᠨ ᠵᠠᠯᠭᠠᠮᠵᠢᠯᠠᠨ᠎ᠠ᠃     ᠭᠤᠷᠪᠠ ᠳᠤ᠂ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠤᠨ ᠬᠥᠲᠥᠯᠥᠨ ᠳᠠᠭᠠᠭᠤᠯᠬᠤ ᠦᠢᠯᠡᠳᠦᠯ ᠢ ᠳᠣᠪᠤᠶᠢᠯᠭᠠᠨ᠎ᠠ᠃ ᠪᠢᠳᠡ ᠪᠦᠬᠦ ᠰᠢᠶᠠᠨ ᠤ ᠬᠦᠴᠦᠨ ᠢ ᠳᠠᠶᠢᠴᠢᠯᠠᠨ ᠯᠣᠣ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠢ ᠤᠯᠤᠰ ᠤᠨ 5A ᠲᠠᠰ ᠤᠨ ᠵᠢᠭᠤᠯᠴᠢᠯᠠᠯ ᠤᠨ ᠣᠷᠣᠨ ᠪᠣᠯᠭᠠᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠭᠤᠣᠯᠯᠠᠨ ᠤᠳᠤᠷᠢᠳᠤᠬᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ᠂ ᠦᠵᠡᠮᠵᠢ ᠶᠢᠨ ᠣᠷᠣᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠲᠣᠭᠲᠠᠴᠠ ᠶᠢ ᠬᠦᠴᠦᠯᠡᠨ ᠪᠠᠶᠢᠭᠤᠯᠤᠨ ᠲᠡᠭᠦᠯᠳᠡᠷᠵᠢᠭᠦᠯᠵᠦ᠂ ᠡᠭᠦᠳᠦᠨ ᠪᠠᠶᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠲᠦᠯᠬᠢᠨ ᠠᠬᠢᠭᠤᠯᠤᠨ᠎ᠠ᠃ ︽ᠬᠠᠲᠤᠨ ᠭᠤᠣᠯ ᠢᠶᠠᠷ ᠵᠤᠭᠠᠴᠠᠬᠤ᠂ ᠬᠠᠪᠴᠢᠯ ᠢᠶᠠᠷ ᠥᠩᠭᠡᠷᠡᠬᠦ᠂ ᠣᠷᠳᠣ ᠴᠠᠭᠠᠨ ᠬᠡᠷᠡᠮ ᠢ ᠰᠣᠨᠢᠷᠬᠠᠬᠤ︾ ᠪᠠᠷ ᠭᠤᠣᠯ ᠰᠡᠳᠦᠪ ᠪᠣᠯᠭᠠᠵᠤ ᠂ ᠤᠰᠤᠨ ᠵᠠᠮ ᠢᠶᠠᠷ ᠭᠤᠣᠯ ᠪᠣᠯᠭᠠᠨ᠂ ᠬᠠᠭᠤᠷᠠᠢ ᠵᠠᠮ ᠢᠶᠠᠷ ᠬᠠᠪᠰᠤᠷᠤᠮᠵᠢ ᠪᠣᠯᠭᠠᠵᠤ᠂ ᠠᠭᠠᠷ ᠤᠨ ᠵᠠᠮ ᠢᠶᠠᠷ ᠣᠨᠴᠠᠯᠢᠭ ᠪᠣᠯᠭᠠᠨ ᠦᠵᠡᠮᠵᠢ ᠶᠢᠨ ᠣᠷᠣᠨ ᠤ ᠬᠦᠷᠢᠶ᠎ᠡ ᠬᠡᠪᠴᠢᠶ᠎ᠡ᠂ ᠵᠢᠭᠤᠯᠴᠢᠯᠠᠯ ᠤᠨ ᠱᠤᠭᠤᠮ ᠢ ᠳᠠᠬᠢᠨ ᠲᠥᠯᠥᠪᠵᠢᠭᠦᠯᠵᠦ᠂ ᠦᠵᠡᠮᠵᠢ ᠶᠢᠨ ᠣᠷᠣᠨ ᠤ ᠣᠷᠣᠨ ᠵᠠᠢ ᠶᠢᠨ ᠪᠠᠶᠢᠷᠢᠯᠠᠭᠤᠯᠤᠯᠲᠠ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠴᠢᠩᠭ᠎ᠠ ᠬᠠᠷᠢᠴᠠᠭᠤᠯᠤᠨ᠂ ᠡᠭᠦᠳᠦᠨ ᠪᠠᠶᠢᠭᠤᠯᠬᠤ ᠠᠵᠢᠯ ᠤᠨ ᠲᠥᠰᠥᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠦᠴᠦᠷᠬᠡᠭ ᠢ ᠪᠠᠭᠤᠷᠠᠭᠤᠯᠤᠨ ᠳᠤᠲᠠᠭᠤᠳᠠᠯ ᠢ ᠨᠥᠬᠦᠪᠦᠷᠢᠯᠡᠵᠦ᠂ ᠵᠥᠭᠡᠯᠡᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ ᠂ 40 ᠭᠤᠣᠯᠳᠠᠯᠭ᠎ᠠ ᠲᠠᠢ ᠲᠥᠷᠥᠯ ᠵᠦᠢᠯ ᠢ ᠪᠣᠶ ᠪᠣᠯᠭᠠᠨ᠎ᠠ᠃ ᠴᠢᠩ ᠱᠦᠢ ᠾᠧ ᠶᠢᠨ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠶᠡᠬᠡᠪᠡᠷ ᠲᠦᠯᠬᠢᠨ ᠠᠬᠢᠭᠤᠯᠵᠤ᠂ ᠲᠣᠰ ᠲᠥᠷᠥᠯ ᠵᠦᠢᠯ ᠢ ᠨᠢᠭᠡᠨᠲᠡ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠰᠣᠶᠣᠯ ᠢ ᠬᠠᠮᠠᠭᠠᠯᠠᠨ ᠤᠯᠠᠮᠵᠢᠯᠠᠵᠤ ᠠᠰᠢᠭᠯᠠᠬᠤ ᠢᠨᠵᠧᠨᠧᠷᠢᠩ ᠤᠨ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠣᠷᠣᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ ᠶᠡᠭᠡ ᠲᠥᠷᠥᠯ ᠵᠦᠢᠯ ᠪᠣᠯᠤᠭᠰᠠᠨ ᠪᠥᠭᠡᠳ ᠮᠥᠨᠴᠦ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ︽ᠲᠡᠷᠢᠭᠦᠨ︾ ᠤ ᠢᠨᠵᠧᠨᠧᠷᠢᠩ ᠪᠣᠯᠤᠭᠰᠠᠨ ᠪᠠᠶᠢᠨ᠎ᠠ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 13744.81 ᠲᠦᠮᠡᠨ ᠲᠥᠭᠦᠷᠢᠭ ᠪᠠᠶᠢᠵᠤ᠂ ᠡᠭᠦᠨ ᠳᠤ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ 8000 ᠲᠦᠮᠡᠨ ᠲᠥᠭᠦᠷᠢᠭ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ 5744.81 ᠲᠦᠮᠡᠨ ᠲᠥᠭᠦᠷᠢᠭ ᠪᠣᠶ᠃ 2023 ᠣᠨ ᠤ 3 ᠰᠠᠷ᠎ᠠ ᠶᠢᠨ ᠳᠤᠮᠳᠠᠴᠢ ᠪᠠᠷ ᠡᠬᠢᠯᠡᠨ ᠪᠠᠶᠢᠭᠤᠯᠵᠤ᠂ ᠣᠳᠣᠬᠠᠨ ᠳᠤ ᠨᠢᠭᠡᠨᠲᠡ ᠪᠥᠬᠦ ᠲᠠᠯ᠎ᠠ ᠪᠠᠷ ᠪᠠᠷᠢᠯᠭ᠎ᠠ ᠳᠠᠭᠤᠰᠬᠠᠵᠤ᠂ 2024 ᠣᠨ ᠤ 10 ᠰᠠᠷ᠎ᠠ ᠶᠢᠨ 2 ᠤ ᠡᠳᠦᠷ ᠵᠢᠩᠬᠢᠨᠢ ᠪᠠᠷ ᠴᠡᠴᠡᠷᠯᠢᠭ ᠨᠡᠭᠡᠭᠡᠵᠦ ᠲᠤᠷᠰᠢᠨ ᠡᠵᠡᠩᠨᠡᠵᠡᠢ᠃     ᠳᠥᠷᠪᠡ ᠳᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠣᠪᠤᠶᠢᠯᠭᠠᠨ᠎ᠠ᠃ ᠥᠨᠳᠥᠷ ᠪᠠᠷᠢᠮᠵᠢᠶ᠎ᠠ ᠪᠠᠷ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠢᠶᠠᠷ ᠵᠢᠭᠤᠯᠴᠢᠯᠠᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠴᠢᠨᠠᠷ ᠳᠡᠰ ᠢ ᠳᠡᠭᠡᠭᠰᠢᠯᠡᠭᠦᠯᠵᠦ᠂ ᠰᠣᠶᠣᠯ ᠤᠨ ᠠᠭᠤᠯᠭ᠎ᠠ᠂ ᠰᠣᠶᠣᠯ ᠤᠨ ᠲᠡᠮᠳᠡᠭ ᠢ ᠵᠢᠭᠤᠯᠴᠢᠯᠠᠯ ᠤᠨ ᠵᠠᠮ ᠱᠤᠭᠤᠮ ᠳᠤ ᠣᠷᠣᠭᠤᠯᠵᠤ᠂ ᠦᠵᠡᠮᠵᠢ ᠶᠢᠨ ᠣᠷᠣᠨ ᠳᠤ ᠠᠭᠤᠰᠬᠠᠨ ᠤᠷᠤᠭᠤᠯᠵᠦ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠵᠢᠭᠤᠯᠴᠢᠯᠠᠯ ᠢᠶᠠᠷ ᠰᠣᠶᠣᠯ ᠤᠨ ᠤᠯᠠᠮᠵᠢᠯᠠᠯ ᠢ ᠳᠠᠶᠢᠴᠢᠯᠠᠨ᠂ ᠰᠣᠶᠣᠯ ᠤᠨ ᠴᠡᠴᠡᠭᠯᠡᠯᠲᠡ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠬᠠᠮᠤᠷᠬᠤ ᠬᠡᠪᠴᠢᠶ᠎ᠡ ᠥᠷᠭᠡᠨ᠂ ᠵᠢᠭᠤᠯᠴᠢᠯᠠᠭᠴᠢᠳ ᠤᠨ ᠣᠷᠣᠯᠴᠠᠬᠤ ᠬᠡᠮᠵᠢᠶ᠎ᠡ ᠥᠨᠳᠥᠷ ᠪᠠᠶᠢᠬᠤ ᠵᠡᠷᠭᠡ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ︽ᠠᠮᠢᠳᠤᠯᠢᠭ ᠪᠣᠯᠭᠠᠬᠤ︾᠂ ᠬᠤᠪᠢᠰᠬᠠᠯᠲᠤ ᠰᠣᠶᠣᠯ ᠪᠠ ᠬᠤᠪᠢᠰᠬᠠᠯᠲᠤ ᠤᠳᠤᠮᠰᠢᠯ ᠢ ᠤᠯᠠᠮᠵᠢᠯᠠᠬᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠶᠢ ᠠᠬᠢᠭᠤᠯᠤᠨ᠎ᠠ᠃ ︽ᠣᠷᠳᠣ ᠴᠠᠭᠠᠨ ᠬᠡᠷᠡᠮ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠵᠢᠭᠤᠯᠴᠢᠯᠠᠯ︾᠂ ︽ᠬᠠᠲᠤᠨ ᠭᠤᠣᠯ ᠤᠨ ᠪᠠᠶᠢᠭᠠᠯᠢ ᠶᠢᠨ ᠠᠮᠢ ᠠᠬᠤᠢ ᠶᠢ ᠰᠠᠭᠠᠳ ᠦᠭᠡᠢ ᠨᠡᠪᠲᠡᠷᠡᠭᠦᠯᠬᠦ ᠵᠢᠭᠤᠯᠴᠢᠯᠠᠯ︾ ᠵᠡᠷᠭᠡ 5 ᠵᠤᠷᠪᠤᠰ ᠰᠣᠳᠣᠨ ᠵᠢᠭᠤᠯᠴᠢᠯᠠᠯ ᠤᠨ ᠱᠤᠭᠤᠮ ᠢ ᠴᠣᠭᠴᠠᠯᠠᠨ ᠪᠠᠶᠢᠭᠤᠯᠵᠤ᠂ ᠵᠠᠮ ᠳᠠᠭᠠᠤ ᠶᠢᠨ ᠰᠣᠶᠣᠯ ᠵᠢᠭᠤᠯᠴᠢᠯᠠᠯ ᠤᠨ 21 ᠲᠥᠷᠥᠯ ᠵᠦᠢᠯ ᠢ ᠲᠥᠯᠥᠪᠯᠡᠵᠦ᠂ ᠣᠷᠳᠣ ᠴᠠᠭᠠᠨ ᠬᠡᠷᠡᠮ᠂ ᠬᠠᠲᠤᠨ ᠭᠤᠣᠯ ᠤᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠣᠷᠳᠣ ᠴᠠᠭᠠᠨ ᠬᠡᠷᠡᠮ ᠬᠢᠭᠡᠳ ᠬᠠᠲᠤᠨ ᠭᠤᠣᠯ ᠤᠨ ᠦᠵᠡᠮᠵᠢ ᠶᠢᠨ ᠣᠷᠣᠨ ᠢ ᠣᠷᠭᠠᠨᠢᠭ ᠢᠶᠠᠷ ᠤᠶᠠᠯᠳᠤᠭᠤᠯᠤᠨ᠂ ᠣᠷᠳᠣ ᠴᠠᠭᠠᠨ ᠬᠡᠷᠡᠮ ᠬᠢᠭᠡᠳ ᠯᠤᠤ ᠨᠢᠦ ᠸᠠᠨ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠢ ᠣᠷᠭᠠᠨᠢᠭ ᠢᠶᠠᠷ ᠤᠶᠠᠯᠳᠤᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠦᠵᠡᠮᠵᠢ ᠶᠢᠨ ᠣᠷᠣᠨ ᠤ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃     ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠣᠨ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠢ ᠪᠠᠶᠢᠭᠤᠯᠬᠤ ᠲᠤᠬᠠᠢ ᠡᠨᠡᠬᠦ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠲᠤ ᠠᠳᠬᠤᠵᠤ᠂ ᠣᠨᠴᠠᠯᠢᠭ ᠢᠶᠠᠷ ᠢᠯᠡ ᠲᠣᠳᠣ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠰᠣᠶᠣᠯ ᠤᠨ ᠴᠡᠴᠡᠷᠯᠢᠭ ᠢ ᠪᠦᠲᠦᠭᠡᠨ ᠪᠠᠶᠢᠭᠤᠯᠬᠤ ᠠᠵᠢᠯ ᠢ ᠪᠦᠬᠦ ᠰᠢᠶᠠᠨ ᠤ ᠰᠣᠶᠣᠯ ᠵᠢᠭᠤᠯᠴᠢᠯᠠᠯ ᠤᠨ ᠠᠵᠢᠯ ᠤᠨ ᠲᠡᠷᠢᠭᠦᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠯᠣᠣ ᠨᠢᠦ ᠸᠠᠨ‌ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠢ ᠤᠯᠤᠰ ᠤᠨ 5 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠠᠯᠬᠤᠴᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠰᠠᠨᠠᠭᠠᠴᠢᠯᠠᠭᠠᠲᠤ ᠴᠢᠨᠠᠷ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ︽ᠪᠦᠬᠦ ᠤᠯᠤᠰ ᠤᠨ ᠵᠢᠭᠤᠯᠴᠢᠯᠠᠯ ᠤᠨ ᠵᠣᠷᠢᠭᠰᠠᠨ ᠭᠠᠵᠠᠷ︾ ᠪᠣᠯᠣᠨ ︽ᠪᠦᠬᠦ ᠤᠯᠤᠰ ᠤᠨ ᠰᠡᠯᠡᠭᠦᠴᠡᠯ ᠠᠮᠠᠷᠠᠯᠲᠠ ᠶᠢᠨ ᠣᠷᠣᠨ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠰᠢᠨ᠎ᠡ ᠥᠨᠳᠦᠷᠯᠢᠭ ᠢ ᠴᠣᠭᠴᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1