︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠭᠡᠯ ᠤᠨ | ᠲᠣᠪᠴᠢᠶᠠᠨ ᠠᠴᠠ ᠣᠶᠢᠯᠠᠭᠠᠭᠰᠠᠨ ᠨᠢ᠂ 1— 11 ᠳ᠋ᠦ᠋ᠭᠡᠷ ᠰᠠᠷ᠎ᠠ ᠳᠤ᠂ ᠬᠥᠬᠡᠬᠤᠲᠠ ᠠᠵᠤ ᠠᠬᠤᠢ ᠶᠢᠨ | ᠴᠢᠨᠠᠷ ᠰᠠᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠪᠦᠲᠦᠴᠡ ᠦᠷᠭᠦᠯᠵᠢᠯᠡᠨ | ᠰᠢᠯᠢᠳᠡᠭᠵᠢᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠢᠨ᠎ᠠ᠃ | ᠠᠵᠤ ᠦᠢᠯᠡᠳᠪᠦᠷᠢ ᠶᠢᠨ ᠨᠡᠮᠡᠭᠳᠡᠯ ᠦᠷᠭᠦᠯᠵᠢᠯᠡᠨ ᠨᠡᠮᠡᠭᠳᠡᠪᠡ | ᠲᠤᠯᠭᠠᠭᠤᠷᠢ ᠠᠵᠢᠯ ᠲᠦᠷᠦᠯ ᠬᠦᠴᠦᠲᠡᠢ ᠲᠦᠯᠬᠢᠴᠡ ᠬᠦᠴᠦᠨ ᠪᠣᠯᠪᠠ | 1—11 ᠳ᠋ᠦ᠋ᠭᠡᠷ ᠰᠠᠷ᠎ᠠ ᠳᠤ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂ ᠲᠤᠯᠭᠠᠭᠤᠷᠢ ᠠᠵᠢᠯ | ᠲᠥᠷᠥᠯ ᠤᠨ ᠬᠤᠪᠢ ᠨᠡᠮᠡᠷᠢ ᠳᠣᠪᠤᠶᠢᠮ᠎ᠠ ᠪᠣᠯᠵᠠᠢ᠃ ᠲᠥᠷᠥᠯ ᠵᠦᠢᠯ ᠠᠴᠠ ᠦᠵᠡᠪᠡᠯ᠂ ᠦᠢᠯᠡᠳᠬᠡᠯ ᠤᠨ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ ᠴᠠᠬᠢᠯᠭᠠᠨ ᠬᠦᠴᠦ | ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 22.4% ᠪᠠᠷ ᠨᠡᠮᠡᠭᠳᠡᠪᠡ᠃ ᠠᠭᠤᠷᠬᠠᠶ ᠮᠠᠯᠲᠠᠬᠤ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.3% ᠪᠠᠷ ᠪᠠᠭᠤᠷᠠᠪᠠ᠃ ᠡᠭᠦᠨ ᠳᠤ᠂ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠨᠢ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ 72.5% ᠶᠢ ᠡᠵᠡᠯᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ | ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠪᠥᠬᠦ | ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 27.0% ᠶᠢ | ᠡᠵᠡᠯᠡᠵᠦ᠂ ᠬᠤᠶᠠᠷ ᠲᠣᠮᠣ ᠲᠥᠷᠥᠯ ᠨᠡᠶᠢᠲᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠤᠨ ᠬᠤᠷᠳᠤᠴᠠ ᠶᠢ 8.7 ᠵᠠᠭᠤᠨ ᠤ ᠨᠢᠭᠡᠴᠢ ᠳᠠᠶᠢᠴᠢᠯᠠᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 103.5% ᠳᠤ | ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠲᠣᠭᠲᠠᠭᠤᠨ ᠢᠶᠠᠷ ᠠᠵᠢᠯᠯᠠᠬᠤ ᠳᠤ ᠴᠢᠬᠤᠯᠠ | ᠲᠤᠯᠭᠠᠭᠤᠷᠢᠯᠠᠬᠤ ᠦᠢᠯᠡᠳᠦᠯ ᠬᠠᠩᠭᠠᠪᠠ᠃ ᠠᠵᠢᠯ ᠲᠥᠷᠥᠯ ᠠᠴᠠ ᠠᠪᠴᠤ ᠦᠵᠡᠪᠡᠯ᠂ ᠰᠢᠲᠠᠮᠠᠬᠠᠶ ᠬᠡᠶ ᠶᠢᠨ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 30.9% ᠪᠠᠷ ᠨᠡᠮᠡᠭᠳᠡᠵᠦ᠂ | ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 28.0% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 19.5% ᠪᠠᠷ ᠨᠡᠮᠡᠭᠳᠡᠵᠦ᠂ | ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠡᠶᠢᠲᠡ 73.2% ᠲᠤ ᠬᠦᠷᠴᠡᠶ᠃ | ᠨᠡᠶᠢᠭᠡᠮ ᠤᠨ ᠬᠡᠷᠡᠭᠯᠡᠭᠡ ᠦᠷᠭᠦᠯᠵᠢᠯᠡᠨ ᠰᠡᠷᠭᠦᠪᠡ | ᠰᠢᠨ᠎ᠡ ᠡᠨᠧᠷᠬᠢ ᠶᠢᠨ ᠮᠠᠰᠢᠨ ᠰᠢᠨ᠎ᠡ ᠬᠡᠷᠡᠭᠯᠡᠭᠡ ᠶᠢ ᠳᠠᠭᠠᠭᠤᠯᠪᠠ | 1— 11 ᠳ᠋ᠦ᠋ᠭᠡᠷ ᠰᠠᠷ᠎ᠠ ᠳᠤ᠂ ᠬᠥᠬᠡᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ 1145 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠦ᠂ 1—10 ᠳ᠋ᠤᠭᠠᠷ ᠰᠠᠷ᠎ᠠ ᠠᠴᠠ 0.4 ᠵᠠᠭᠤᠨ ᠤ ᠨᠢᠭᠡᠴᠢ | ᠳᠡᠭᠡᠭᠰᠢᠯᠡᠪᠡ᠃ ᠰᠠᠭᠤᠳᠠᠯ ᠤᠨ ᠮᠠᠰᠢᠨ ᠲᠡᠷᠭᠡ ᠰᠣᠯᠢᠬᠤ ᠲᠥᠷᠥ ᠶᠢᠨ ᠪᠣᠳᠣᠯᠭ᠎ᠠ ᠪᠠ ᠤᠷᠤᠭᠯᠠᠬᠤ ᠳᠤ ᠲᠡᠷᠭᠡ | ᠬᠤᠳᠠᠯᠳᠤᠨ ᠠᠪᠬᠤ᠂ ᠬᠥᠩᠭᠡᠵᠢᠬᠦ ᠳᠤ ᠲᠡᠷᠭᠡ ᠬᠤᠳᠠᠯᠳᠤᠨ ᠠᠪᠬᠤ ᠵᠡᠷᠭᠡ ᠬᠦᠴᠦᠨ ᠵᠦᠢᠯ ᠤᠨ ᠨᠥᠯᠥᠭᠡᠯᠡᠯ | ᠳᠣᠤᠷ᠎ᠠ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠦᠷᠭᠡᠨ ᠨᠡᠮᠡᠭᠳᠡᠬᠦ ᠶᠢ ᠪᠠᠲᠤᠯᠠᠵᠤ | ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠦᠷᠭᠦᠯᠵᠢᠯᠡᠨ | ᠳᠡᠭᠡᠭᠰᠢᠯᠡᠬᠦ ᠶᠢ ᠳᠠᠶᠢᠴᠢᠯᠠᠵᠤ᠂ ᠢᠯᠠᠩᠭᠤᠶ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠶᠡᠭᠡ ᠬᠡᠷᠡᠭᠯᠡᠭᠡᠨ ᠤ ᠲᠥᠷᠥᠯ | ᠪᠣᠯᠤᠭᠰᠠᠨ ᠤ ᠬᠤᠪᠢ ᠳᠤ᠂ ᠨᠡᠶᠢᠭᠡᠮ ᠤᠨ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠬᠦ ᠳᠤ ᠦᠵᠡᠭᠦᠯᠦᠭᠰᠡᠨ | ᠦᠢᠯᠡᠳᠦᠯ ᠲᠣᠪᠤᠶᠢᠮ᠎ᠠ ᠪᠠᠶᠢᠨ᠎ᠠ᠃ 1—11 ᠳ᠋ᠦ᠋ᠭᠡᠷ ᠰᠠᠷ᠎ᠠ ᠪᠣᠯᠲᠠᠯ᠎ᠠ᠂ ᠪᠥᠬᠦ ᠬᠤᠲᠠ ᠶᠢᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠶᠢᠨ ᠨᠡᠮᠡᠭᠳᠡᠯ ᠤᠨ ᠬᠤᠷᠳᠤᠴᠠ 1—10 ᠳ᠋ᠤᠭᠠᠷ ᠰᠠᠷ᠎ᠠ ᠶᠢᠨ ᠬᠢ ᠠᠴᠠ 4.1 ᠵᠠᠭᠤᠨ ᠤ ᠨᠢᠭᠡᠴᠢ | ᠳᠡᠭᠡᠭᠰᠢᠯᠡᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠵᠢᠵᠢᠭᠯᠡᠨ | ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 2.1 ᠵᠠᠭᠤᠨ ᠤ ᠨᠢᠭᠡᠴᠢ ᠳᠡᠭᠡᠭᠰᠢ ᠲᠠᠲᠠᠵᠤ᠂ | ᠳᠠᠶᠢᠴᠢᠯᠠᠬᠤ ᠦᠢᠯᠡᠳᠦᠯ 1—10 ᠳ᠋ᠤᠭᠠᠷ ᠰᠠᠷ᠎ᠠ ᠶᠢᠨ ᠬᠢ ᠠᠴᠠ 1.6 ᠵᠠᠭᠤᠨ ᠤ ᠨᠢᠭᠡᠴᠢ ᠲᠦᠷᠭᠡᠳᠪᠡ᠃ | ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 58.0% ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ 1—10 ᠳ᠋ᠤᠭᠠᠷ ᠰᠠᠷ᠎ᠠ ᠶᠢᠨ ᠬᠢ ᠠᠴᠠ 10.4 ᠵᠠᠭᠤᠨ ᠤ ᠨᠢᠭᠡᠴᠢ ᠲᠦᠷᠭᠡᠳᠪᠡ᠃ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠲᠦᠷᠭᠡᠳᠪᠡ | ᠵᠠᠮ ᠲᠡᠭᠡᠭᠡᠪᠤᠷᠢ ᠶᠢᠨ ᠦᠢᠯᠡᠰ ᠦᠷᠨᠢᠨ ᠬᠦᠭᠵᠢᠪᠡ | 1— 10 ᠳ᠋ᠤᠭᠠᠷ ᠰᠠᠷ᠎ᠠ ᠳᠤ᠂ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠡᠵᠡᠩᠨᠡᠯᠲᠡ ᠶᠢᠨ ᠣᠷᠣᠯᠭ᠎ᠠ ᠶᠢ 1011.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 16.6% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.9 | ᠵᠠᠭᠤᠨ ᠤ ᠨᠢᠭᠡᠴᠢ ᠳᠡᠭᠡᠭᠰᠢᠯᠡᠪᠡ᠃ 10 ᠠᠵᠢᠯ ᠲᠥᠷᠥᠯ ᠤᠨ ᠳᠣᠲᠣᠷ᠎ᠠ ︽8 ᠨᠡᠮᠡᠭᠳᠡᠵᠦ 2 ᠪᠠᠭᠤᠷᠠᠵᠤ︾᠂ | ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠳᠠᠶᠢᠴᠢᠯᠠᠬᠤ | ᠦᠢᠯᠡᠳᠦᠯ ᠲᠣᠪᠤᠶᠢᠮ᠎ᠠ ᠪᠠᠶᠢᠵᠤ᠂ ᠡᠵᠡᠩᠨᠡᠯᠲᠡ ᠶᠢᠨ ᠣᠷᠣᠯᠭ᠎ᠠ 672.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ | ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠳᠡᠭᠡᠷ᠎ᠡ | ᠰᠠᠷ᠎ᠠ ᠶᠢᠨ ᠬᠢ ᠠᠴᠠ 3.3 ᠵᠠᠭᠤᠨ ᠤ ᠨᠢᠭᠡᠴᠢ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ 7.9 ᠵᠠᠭᠤᠨ ᠤ ᠨᠢᠭᠡᠴᠢ ᠳᠠᠶᠢᠴᠢᠯᠠᠪᠠ᠃ ᠵᠠᠮ | ᠲᠡᠭᠡᠭᠡᠪᠦᠷᠢ ᠶᠢᠨ ᠦᠢᠯᠡᠰ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠲᠠᠪᠴᠠᠩ ᠰᠢᠨ᠎ᠡ ᠪᠠᠷ ᠨᠡᠮᠡᠭᠳᠡᠵᠦ᠂ ᠨᠡᠪᠲᠡᠷᠡᠬᠦ | ᠵᠠᠷᠤᠳᠠᠯ ᠤᠨ ᠨᠡᠮᠡᠭᠳᠡᠯ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠠᠳᠠᠯᠢ ᠬᠤᠭᠤᠴᠠᠭᠠᠨ ᠤ ᠬᠢ ᠠᠴᠠ | 36.4% ᠨᠡᠮᠡᠭᠳᠡᠵᠦ᠂ ᠲᠥᠷᠥᠯ ᠵᠦᠢᠯ ᠤᠨ ᠨᠡᠮᠡᠭᠳᠡᠯ ᠢ 10.0 ᠵᠠᠭᠤᠨ ᠤ ᠨᠢᠭᠡᠴᠢ ᠳᠠᠶᠢᠴᠢᠯᠠᠪᠠ᠃ | ᠠᠭᠠᠷ ᠤᠨ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 30.5 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.8% ᠪᠠᠷ ᠨᠡᠮᠡᠭᠳᠡᠨ᠂ ᠲᠥᠷᠥᠯ ᠵᠦᠢᠯ ᠤᠨ ᠨᠡᠮᠡᠭᠳᠡᠯ ᠢ 0. | 7 ᠵᠠᠭᠤᠨ ᠤ ᠨᠢᠭᠡᠴᠢ ᠳᠠᠶᠢᠴᠢᠯᠠᠪᠠ᠃ | ᠪᠡᠯᠡ ᠣᠷᠤᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠵᠢᠪᠡ | ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠷᠬᠡᠶ ᠪᠤᠯᠪᠠ | 1—11 ᠳ᠋ᠦ᠋ᠭᠡᠷ ᠰᠠᠷ᠎ᠠ ᠳᠤ ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 20.0% ᠨᠡᠮᠡᠭᠳᠡᠵᠦ᠂ 1— 10 ᠳ᠋ᠤᠭᠠᠷ ᠰᠠᠷ᠎ᠠ ᠠᠴᠠ 3.0 ᠵᠠᠭᠤᠨ ᠤ ᠨᠢᠭᠡᠴᠢ | ᠳᠡᠭᠡᠭᠰᠢᠯᠡᠪᠡ᠃ ᠮᠠᠨ ᠤ ᠬᠤᠲᠠ ᠬᠠᠯᠠᠭᠤᠨ ᠳᠤᠯᠠᠭᠠᠨ ᠤ ᠢᠨᠵᠧᠨᠧᠷᠢᠩ ᠪᠠ ᠬᠠᠭᠤᠴᠢᠨ ᠬᠤᠷᠢᠶᠠᠯᠠᠯ ᠤᠨ | ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠢᠯᠡᠳᠲᠡ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠬᠤ | ᠴᠢᠬᠤᠯᠠ ᠬᠦᠴᠦᠨ ᠪᠣᠯᠵᠣ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 20.5% ᠪᠠᠷ ᠨᠡᠮᠡᠭᠳᠡᠵᠦ᠂ 1—10 ᠳ᠋ᠤᠭᠠᠷ ᠰᠠᠷ᠎ᠠ ᠶᠢᠨ ᠬᠢ ᠠᠴᠠ 10.6 | ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 0.5 | ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ | 8.2 ᠵᠠᠭᠤᠨ ᠤ ᠨᠢᠭᠡᠴᠢ ᠳᠠᠶᠢᠴᠢᠯᠠᠪᠠ᠃ ᠪᠦᠲᠦᠴᠡ ᠶᠢᠨ ᠲᠠᠯ᠎ᠠ ᠠᠴᠠ ᠠᠪᠴᠤ ᠦᠵᠡᠪᠡᠯ᠂ ᠴᠠᠬᠢᠯᠭᠠᠨ ᠬᠦᠴᠦ᠂ | ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ | ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ | ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠰᠠᠭᠤᠷᠢ ᠪᠡᠯᠡᠳᠬᠡᠮᠵᠢ ᠶᠢᠨ ᠪᠠᠯᠠ | ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 45.3% ᠪᠠᠶᠢᠵᠤ᠂ ᠰᠠᠭᠤᠷᠢ ᠪᠡᠯᠡᠳᠬᠡᠮᠵᠢ ᠶᠢᠨ ᠪᠠᠯᠠ | ᠣᠷᠣᠭᠤᠯᠤᠯᠲᠠ ᠶᠢ 16.3 ᠵᠠᠭᠤᠨ ᠤ ᠴᠡᠭ ᠳᠠᠶᠢᠴᠢᠯᠠᠵᠤ᠂ ᠲᠠᠲᠠᠬᠤ ᠬᠦᠴᠦᠨ ᠨᠢ 1—10 ᠳ᠋ᠤᠭᠠᠷ ᠰᠠᠷ᠎ᠠ ᠶᠢᠨ | ᠬᠢᠨ ᠠᠴᠠ 8 ᠵᠠᠭᠤᠨ ᠤ ᠨᠢᠭᠡᠴᠢ ᠳᠡᠭᠡᠭᠰᠢᠯᠡᠵᠡᠢ᠃ |