︵2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠠᠴᠠ | ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ | ᠬᠤᠷᠠᠯ 2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 42 ᠬᠥᠮᠦᠨ᠂ | ᠣᠷᠣᠯᠠᠭᠴᠢ ᠭᠡᠰᠢᠭᠦᠨ 10 ᠬᠥᠮᠦᠨ ᠣᠷᠣᠯᠴᠠᠪᠠ᠃ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠣᠯᠤᠨ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠥᠬᠡᠬᠤᠲᠠ ᠳᠤ | ᠰᠠᠭᠤᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠤᠷᠤᠯᠴᠠᠵᠠᠢ᠃ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ | ᠾᠧ ᠬᠠᠢ ᠳ᠋ᠦᠩ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 2024 ᠣᠨ ᠤ | ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | ᠪᠦᠬᠦᠳᠡ ᠬᠤᠷᠠᠯ ᠠᠴᠠ᠂ ᠨᠢᠭᠡ ᠵᠢᠯ ᠤᠨ ᠲᠤᠷᠰᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ | ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ | ᠪᠠᠲᠤᠲᠠᠢ ᠠᠯᠬᠤᠮ ᠢ ᠠᠯᠬᠤᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠬᠠᠷᠠᠯᠲᠠ ᠪᠠᠶᠢᠷᠢ ᠲᠣᠭᠲᠠᠭᠠᠯᠲᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠲᠥᠯᠦᠪᠵᠢᠭᠦᠯᠭᠡ | ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ︽ᠭᠤᠷᠪᠠᠨ ᠬᠤᠲᠠ︾ ᠡᠯᠪᠡᠭ ᠦᠷ᠎ᠡ ᠪᠦᠲᠦᠭᠡᠯ | ᠣᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ | ᠳᠡᠭᠡᠭᠰᠢᠯᠡᠭᠦᠯᠵᠦ᠂ ︽ᠳᠥᠷᠪᠡᠨ ᠶᠡᠭᠡ ᠠᠵᠤ ᠠᠬᠤᠢ ᠶᠢᠨ ᠴᠠᠭᠠᠷᠢᠭ︾ ᠶᠢᠨ ᠡᠨᠧᠷᠭᠢ ᠬᠠᠳᠠᠭᠠᠯᠠᠬᠤ ᠨᠡᠮᠡᠭᠳᠡᠬᠦ | ᠬᠠᠨᠳᠤᠰᠢ ᠢᠯᠡᠷᠡᠵᠦ᠂ ︽ᠵᠢᠷᠭᠤᠭᠠᠨ ᠣᠷᠣᠨ ᠪᠦᠰᠡ ᠶᠢᠨ ᠲᠥᠪ︾ ᠤᠨ ᠦᠷ᠎ᠡ ᠪᠦᠲᠦᠮᠵᠢ ᠢᠯᠡᠷᠬᠡᠢ ᠪᠣᠯᠵᠤ᠂ ︽ | ᠲᠠᠪᠤᠨ ᠲᠣᠬᠢᠷᠠᠮᠵᠢᠲᠠᠢ︾ ᠬᠤᠲᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠣᠷᠣᠨ ᠤ ᠲᠥᠪ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠠᠰᠠ ᠨᠢᠭᠡ ᠰᠢᠨ᠎ᠡ | ᠳᠡᠭᠲᠡᠷ ᠲᠤ ᠭᠠᠷᠭᠠᠭᠰᠠᠨ ᠪᠠᠶᠢᠨ᠎ᠠ ᠭᠡᠵᠦ ᠦᠵᠡᠵᠡᠭᠡᠪᠡ᠃ | ᠪᠥᠬᠦᠳᠡ ᠬᠤᠷᠠᠯ ᠠᠴᠠ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ | ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ ᠬᠠᠲᠠᠭᠤᠵᠢᠯᠲᠠᠢ | ᠠᠵᠢᠯᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ | ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ | ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠳᠡᠰ ᠳᠡᠪᠰᠢᠬᠦ ᠶᠢ ᠰᠠᠶᠢᠲᠤᠷ | ᠠᠳᠬᠤᠬᠤ ᠬᠡᠷᠡᠭᠲᠡᠶ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠤᠯᠪᠣᠯᠳᠤᠯ ᠢ ᠠᠬᠢᠭᠤᠯᠵᠤ᠂ | ᠰᠢᠨ᠎ᠡ ᠡᠨᠧᠷᠭᠢ ᠶᠢᠨ ᠠᠵᠤ ᠦᠢᠯᠡᠰ ᠪᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ | ᠦᠢᠯᠡᠰ ᠤᠨ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ᠂ ᠠᠮᠢᠳᠤ ᠪᠤᠳᠠᠰ ᠤᠨ | ᠡᠮ ᠡᠮᠨᠡᠯᠭᠡ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ | ᠠᠵᠤ ᠦᠢᠯᠡᠰ ᠲᠤ ᠡᠨᠧᠷᠭᠢ ᠣᠯᠭᠤᠬᠤ ᠶᠢ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠬᠤᠭᠤᠷᠣᠨᠳᠣᠬᠢ | ᠬᠠᠷᠢᠯᠴᠠᠭ᠎ᠠ ᠶᠢ ᠨᠡᠪᠲᠡᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠱᠠᠭᠠᠷᠳᠠᠯᠭ᠎ᠠ ᠳᠤ | ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠯᠲᠡ ᠶᠢ ᠠᠬᠢᠭᠤᠯᠵᠤ᠂ ᠡᠮᠦᠨ᠎ᠡ ᠬᠡᠰᠡᠭ ᠲᠤ ᠠᠵᠤ | ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠭᠠᠷ ᠤᠨ ᠠᠵᠤ ᠠᠬᠤᠢ ᠶᠢᠨ ᠲᠣᠭᠤᠷᠢᠭ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠵᠤ᠂ ᠬᠤᠲᠠ ᠶᠢᠨ ᠳᠡᠳ᠋ ᠲᠥᠪ ᠢ ᠪᠠᠶᠢᠭᠤᠯᠵᠤ᠂ ᠳᠤᠮᠳᠠ ᠬᠡᠰᠡᠭ ᠲᠤ ᠵᠢᠨᠱᠠᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠠᠶᠠᠯᠠᠯ ᠤᠨ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡ ᠶᠢᠨ ᠲᠤᠭᠤᠷᠢᠭ ᠢ ᠬᠤᠯᠪᠣᠭᠠᠯᠠᠨ | ᠲᠡᠷᠢᠭᠦᠨ ᠤ ᠦᠢᠯᠡᠳᠬᠦ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠤᠮᠠᠷᠠᠲᠤ ᠬᠡᠰᠡᠭ ᠲᠤ ᠰᠢᠨᠵᠢᠯᠡᠬᠦ | ᠤᠬᠠᠭᠠᠨ ᠮᠡᠷᠭᠡᠵᠢᠯ ᠤᠨ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ | ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠠᠢ ᠬᠤᠯᠪᠣᠭᠠᠯᠠᠨ ᠰᠢᠨ᠎ᠡ ᠶᠢ ᠡᠭᠦᠳᠬᠦ | ᠬᠡᠯᠪᠡᠷᠢ ᠶᠢᠨ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠬᠠᠲᠤᠨ ᠭᠤᠣᠯ ᠳᠠᠭᠠᠤ ᠭᠠᠵᠠᠷ | ᠣᠷᠣᠨ ᠤ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠴᠢᠩ ᠱᠦᠢ ᠾᠧ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠨᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠪᠠ ᠠᠮᠢᠳᠤ ᠪᠣᠳᠠᠰ ᠤᠨ ᠡᠮ ᠡᠮᠨᠡᠯᠭᠡ ᠶᠢᠨ | ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠢ ᠬᠠᠮᠵᠢᠯᠴᠠᠨ ᠪᠠᠶᠢᠭᠤᠯᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ | ᠰᠠᠶᠢᠲᠤᠷ ᠠᠳᠬᠤᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠱᠤᠭᠤᠮ ᠪᠦᠷᠢᠯᠲᠦᠬᠦ ᠶᠢ | ᠠᠬᠢᠭᠤᠯᠵᠤ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ | ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠤᠲᠠ ᠶᠢᠨ ᠬᠡᠪᠴᠢᠶᠡᠨ ᠤ ᠪᠣᠶ ᠪᠥᠬᠦᠶ | ᠦᠵᠡᠮᠵᠢ ᠶᠢᠨ ᠣᠷᠣᠨ᠂ ᠰᠣᠶᠣᠯ ᠦᠵᠡᠰᠬᠦᠯᠡᠩ ᠤᠨ ᠣᠷᠳᠣᠨ᠂ ᠰᠦᠯᠵᠢᠶᠡᠨ ᠤ ᠰᠤᠳᠤᠨ ᠴᠡᠭ᠂ ᠤᠨᠴᠠᠯᠢᠬᠳᠤ | ᠵᠡᠭᠡᠯᠢ ᠲᠣᠭᠤᠷᠢᠭ᠂ ᠬᠤᠳᠠᠯᠳᠤᠭᠠᠨ ᠤ ᠲᠠᠯᠠᠪᠤᠷ ᠪᠠ ᠵᠣᠴᠢᠳ ᠤᠨ ᠪᠠᠭᠤᠳᠠᠯ ᠬᠤᠭᠤᠯᠠᠨ ᠬᠡᠷ ᠵᠡᠷᠭᠡ ᠡᠬᠢ | ᠪᠠᠶᠠᠯᠢᠭ ᠢ ᠬᠤᠯᠪᠣᠵᠤ᠂ ᠠᠩᠬᠠᠳᠤᠭᠠᠷ ᠠᠵᠤ ᠠᠬᠤᠶ᠂ ᠮᠥᠰᠥ ᠴᠠᠰᠤᠨ ᠤ ᠠᠵᠤ ᠠᠬᠤᠶ᠂ ᠪᠤᠭᠤᠷᠤᠯᠴᠤᠳ ᠤᠨ | ᠠᠵᠤ ᠠᠬᠤᠶ᠂ ᠳᠠᠭᠤᠤ ᠶᠢᠨ ᠴᠤᠭᠯᠠᠭᠠᠨ᠂ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ᠂ | ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠵᠤ᠂ ᠣᠷᠣᠨ ᠤ | ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠢᠷᠠᠭᠤ ᠠᠯᠳᠠᠷ ᠪᠠ ᠠᠯᠳᠠᠷᠰᠢᠯ ᠤᠨ ᠬᠡᠮᠵᠢᠶ᠎ᠡ ᠶᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠤᠨ ᠬᠡᠯᠪᠡᠷᠢᠵᠢᠭᠦᠯᠬᠦ ᠶᠢ | ᠠᠬᠢᠭᠤᠯᠵᠤ᠂ ᠣᠯᠠᠨ ᠤᠯᠤᠰ ᠤᠨ ᠥᠨᠳᠥᠷ ᠬᠢᠷᠢ ᠲᠦᠪᠰᠢᠨ ᠪᠦᠬᠦᠢ ᠠᠵᠤ ᠠᠬᠤᠶ ᠠᠷᠠᠯᠵᠢᠶᠠᠨ ᠤ ᠲᠦᠷᠢᠮ ᠢᠶᠠᠷ | ᠪᠠᠷᠢᠮᠵᠢᠶᠠᠯᠠᠨ᠂ ᠲᠦᠷᠢᠮ ᠤᠨ ᠬᠢᠵᠠᠭᠠᠷᠯᠠᠯ ᠢ ᠠᠷᠢᠯᠭᠠᠬᠤ᠂ ᠲᠠᠰ ᠳᠠᠷᠠᠭᠠᠯᠠᠯ ᠢ ᠳᠥᠭᠦᠮᠴᠢᠯᠡᠬᠦ᠂ ᠨᠡᠭᠡᠭᠡᠯᠲᠡ ᠬᠢᠵᠦ | ᠵᠥᠪᠰᠢᠶᠡᠷᠡᠨ ᠣᠷᠣᠭᠤᠯᠬᠤ ᠵᠡᠷᠭᠡ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠰᠢᠪᠲᠤᠯᠤᠯᠲᠠ | ᠬᠢᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ | ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ᠂ ᠲᠢᠶᠧ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠭᠠᠷ ᠠᠶᠠᠯᠠᠯ ᠤᠨ ᠪᠣᠭᠤᠮᠲᠠ | ᠪᠠ ᠭᠤᠶᠤᠴᠢᠯᠠᠨ ᠮᠡᠳᠡᠭᠦᠯᠵᠦ ᠪᠠᠶᠢᠭ᠎ᠠ ᠴᠢᠯᠥᠭᠡᠲᠦ ᠠᠷᠠᠯᠵᠢᠶᠠᠨ ᠤ ᠲᠣᠭᠤᠷᠢᠭ ᠤᠨ ᠨᠢᠭᠡ ᠴᠤᠭᠴᠠᠵᠢᠭᠰᠠᠨ | ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠭᠤᠤᠯ | ᠬᠦᠢᠰᠦ ᠶᠢ ᠪᠠᠶᠢᠭᠤᠯᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠰᠠᠶᠢᠲᠤᠷ | ᠠᠳᠬᠤᠬᠤ ᠬᠡᠷᠡᠭᠲᠡᠶ᠃ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ | ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠵᠤ᠂ ᠵᠥᠪᠬᠡᠨ | ᠵᠠᠰᠠᠭ ᠵᠠᠬᠢᠷᠭᠠᠨ ᠤ ᠵᠠᠷᠯᠢᠭ ᠲᠤ ᠲᠦᠰᠢᠭᠯᠡᠨ ᠠᠵᠢᠯ ᠢᠶᠠᠨ ᠠᠬᠢᠭᠤᠯᠬᠤ ᠳᠤ ᠨᠠᠶᠢᠳᠠᠬᠤ ᠶᠢ ᠡᠷᠡᠰ ᠠᠷᠢᠯᠭᠠᠵᠤ᠂ | ᠠᠵᠤ ᠠᠬᠤᠶᠢᠯᠠᠯ ᠤᠨ ᠡᠳ᠋ ᠪᠠᠶᠠᠯᠢᠭ ᠢ ᠡᠭᠦᠳᠬᠦ ᠳᠤ ᠨᠡᠩ ᠤᠯᠠᠨ ᠠᠮᠢᠵᠢᠷᠠᠯ ᠤᠨ ᠬᠦᠴᠦᠨ ᠪᠠ ᠨᠡᠩ ᠶᠡᠭᠡ ᠣᠷᠣᠨ | ᠵᠠᠢ ᠲᠠᠢ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠲᠤᠬᠢᠷᠠᠭᠤᠯᠤᠨ ᠡᠵᠡᠮᠲᠡᠬᠦ ᠦᠢᠯᠡᠳᠦᠯ ᠢ ᠰᠠᠶᠢᠲᠤᠷ | ᠬᠡᠷᠡᠭᠯᠡᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠡᠷᠬᠡ ᠲᠡᠭᠰᠢ ᠪᠠᠷ ᠥᠷᠢᠰᠥᠯᠳᠦᠬᠦ ᠶᠢ | ᠪᠠᠲᠤᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠠᠶᠤᠯᠭᠦᠢ ᠦᠢᠯᠡᠳᠪᠦᠷᠢᠯᠡᠯ ᠢ ᠴᠢᠩᠭᠠᠳᠬᠠᠬᠤ | ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ | ᠂ ᠠᠵᠤ ᠠᠬᠤᠶᠢᠯᠠᠯᠲᠠᠨ ᠢ ᠬᠠᠯᠠᠮᠵᠢᠯᠠᠨ ᠳᠡᠮᠵᠢᠬᠦ ᠬᠡᠷᠡᠭᠲᠡᠢ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ | ᠬᠡᠮ ᠢ ᠰᠠᠶᠢᠲᠤᠷ ᠰᠡᠷᠭᠡᠶᠢᠯᠡᠵᠦ᠂ ᠤᠯᠤᠰ ᠲᠥᠷᠥ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ | ᠪᠠ ᠨᠡᠶᠢᠭᠡᠮ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠮᠤᠷ ᠲᠦᠪᠰᠢᠨ ᠬᠥᠭᠵᠢᠯᠲᠡ ᠶᠢᠨ ᠰᠡᠷᠭᠡᠶᠢᠯᠡᠯᠲᠡ ᠶᠢᠨ | ᠱᠤᠭᠤᠮ ᠢ ᠦᠨᠡᠨ ᠬᠦ ᠪᠠᠬᠢᠵᠢᠬᠦᠯᠬᠦ ᠬᠡᠷᠡᠭᠲᠡᠢ ᠭᠡᠵᠡᠢ᠃ | ᠪᠦᠬᠦᠳᠡ ᠬᠤᠷᠠᠯ ᠠᠴᠠ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ︽ | ᠵᠢᠷᠭᠤᠭᠠᠨ ᠢᠨᠵᠧᠨᠧᠷᠢᠩ︾ ᠨᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠳᠠᠭᠠᠭᠤᠯᠬᠤ | ᠦᠢᠯᠡᠳᠦᠯ ᠲᠠᠢ ᠪᠠᠶᠢᠵᠤ᠂ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ᠃ 2025 ᠣᠨ ᠳᠤ ᠥᠪᠡᠷᠲᠡᠭᠡᠨ | ᠵᠠᠰᠠᠬᠤ ᠣᠷᠣᠨ ᠤ ᠵᠣᠬᠢᠶᠠᠨ ᠪᠠᠶᠢᠭᠤᠯᠵᠤ ᠦᠷᠨᠢᠭᠦᠯᠬᠦ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ | ᠠᠵᠢᠯᠯᠠᠭ᠎ᠠ ᠳᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠬᠦᠴᠦ ᠣᠷᠣᠭᠤᠯᠵᠤ᠂ | ᠢᠯᠡᠭᠦᠬᠡᠨ ᠨᠥᠭᠡᠴᠡᠯᠡᠵᠦ᠂ ᠲᠦᠷᠭᠡᠨ ᠠᠵᠢᠯ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠬᠦ | ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠪᠥᠬᠦ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ | ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠨᠠᠩ ᠣᠯᠠᠨ ᠬᠥᠮᠦᠰ ᠢ ᠲᠠᠲᠠᠨ ᠠᠵᠢᠯ ᠣᠯᠭᠤᠵᠤ᠂ ᠨᠠᠩ ᠣᠯᠠᠨ | ᠬᠥᠮᠦᠰ ᠤᠨ ᠣᠷᠣᠨ ᠤ ᠲᠥᠪ ᠬᠤᠲᠠ ᠳᠤ ᠰᠠᠭᠤᠷᠢᠰᠢᠨ ᠦᠢᠯᠡᠰ ᠪᠤᠰᠬᠠᠬᠤ ᠶᠢ ᠲᠠᠲᠠᠬᠤ ᠬᠡᠷᠡᠭᠲᠡᠢ᠃ ᠤᠰᠤ | ᠠᠷᠪᠢᠯᠠᠬᠤ ᠠᠵᠢᠯᠯᠠᠭ᠎ᠠ ᠳᠤ ᠬᠠᠲᠤᠨ ᠭᠤᠤᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ | ᠬᠠᠩᠭᠠᠬᠤ ᠪᠠ ᠭᠠᠳᠠᠭᠰᠢᠯᠠᠭᠤᠯᠬᠤ ᠬᠠᠭᠤᠴᠢᠨ ᠬᠤᠭᠤᠯᠠᠶ ᠶᠢᠨ ᠲᠣᠤᠷ᠂ ᠬᠤᠶᠠᠳᠠᠭᠴᠢ ᠤᠰᠤ ᠬᠠᠩᠭᠠᠬᠤ | ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠳᠪᠦᠷᠢ᠂ ᠬᠥᠳᠡᠭᠡ ᠲᠣᠰᠬᠤᠨ ᠪᠠ ᠬᠤᠲᠠ | ᠪᠠᠯᠭᠠᠰᠤᠨ ᠤ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠳᠤ ᠣᠷᠣᠰ ᠮᠣᠩᠭᠤᠯ ᠡᠸᠦ᠋ᠷᠦᠫᠡ ᠶᠢᠨ ᠭᠠᠳᠠᠭᠠᠳᠤ ᠨᠡᠭᠡᠭᠡᠯᠲᠡ ᠶᠢ ᠦᠷᠭᠡᠵᠢᠭᠦᠯᠦᠨ᠂ | ᠪᠡᠭᠡᠵᠢᠩ ᠲᠢᠶᠠᠨᠵᠢᠨ ᠾᠧᠪᠸᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠢᠳᠡᠪᠬᠢᠲᠡᠶ ᠬᠥᠲᠥᠯᠦᠨ ᠳᠠᠭᠠᠭᠤᠯᠵᠤ᠂ ᠤᠷᠤᠨ ᠤ | ᠲᠦᠪ ᠬᠤᠲᠠ ᠶᠢᠨ ᠬᠠᠭᠠᠰ ᠴᠠᠭ ᠤᠨ ᠬᠤᠲᠠ ᠶᠢᠨ ᠴᠠᠭᠠᠷᠢᠭ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠬᠦ ᠠᠵᠢᠯᠯᠠᠭ᠎ᠠ ᠳᠤ ᠰᠣᠶᠣᠯ ᠵᠢᠭᠤᠯᠴᠢᠯᠠᠯ᠂ ᠰᠤᠶᠤᠯ | ᠲᠠᠮᠢᠷ᠂ ᠰᠣᠶᠣᠯ ᠦᠵᠡᠰᠬᠦᠯᠡᠩ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠬᠤ | ᠬᠡᠷᠡᠭᠲᠡᠶ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠪᠠᠷ | ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠦᠨᠳᠦᠰᠦᠨ | ᠱᠠᠲᠤᠨ ᠤ ᠠᠵᠢᠯᠲᠠᠨ ᠤ ᠣᠯᠭᠤᠮᠵᠢ ᠶᠢ ᠪᠠᠲᠤᠯᠠᠵᠤ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠠᠯᠳᠠᠭ᠎ᠠ ᠶᠢ ᠠᠭᠤᠴᠢᠯᠠᠨ | ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠳᠤᠷᠠᠲᠠᠶ᠎ᠠ ᠠᠵᠢᠯᠯᠠᠬᠤ᠂ ᠦᠨᠡᠨ ᠠᠵᠢᠯᠯᠠᠬᠤ᠂ ᠲᠦᠷᠭᠡᠨ | ᠠᠵᠢᠯᠯᠠᠬᠤ ᠶᠢ ᠬᠡᠪ ᠰᠤᠷᠲᠠᠯ ᠪᠣᠯᠭᠠᠬᠤ ᠬᠡᠷᠡᠭᠲᠡᠢ᠃ ᠠᠯᠢᠪᠠ ᠬᠡᠯᠪᠡᠷᠢᠴᠢ ᠦᠵᠡᠯ ᠢ ᠡᠰᠡᠷᠭᠦᠴᠡᠵᠦ᠂ ᠺᠠᠳ᠋ᠷᠴᠤᠳ ᠢ | ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠡᠳᠬᠢᠯ ᠰᠠᠨᠠᠭ᠎ᠠ ᠪᠠᠨ ᠦᠨᠡᠨ | ᠬᠦ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠬᠡᠷᠡᠭᠯᠡᠭᠦᠯᠬᠦ ᠬᠡᠷᠡᠭᠲᠡᠢ ᠭᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠳᠤ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ ᠵᠣᠷᠢᠭ ᠰᠠᠨᠠᠭ᠎ᠠ ᠶᠢ | ᠤᠬᠠᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ | ᠪᠥᠭᠡᠳ ᠨᠠᠷᠢᠯᠢᠭ ᠬᠢᠵᠦ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠶ ᠪᠠᠷ ᠲᠡᠮᠡᠴᠡᠨ ᠣᠯᠵᠤ᠂ ᠨᠠᠩ ᠣᠯᠠᠨ | ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠳᠤ ᠣᠷᠣᠭᠤᠯᠬᠤ ᠬᠡᠷᠡᠭᠲᠡᠶ᠃ ᠢᠲᠡᠭᠡᠯ | ᠵᠣᠷᠢᠭ ᠢᠶᠠᠨ ᠬᠥᠪᠴᠢᠯᠡᠵᠦ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠰᠠᠭᠤᠳᠠᠯ ᠢ ᠰᠢᠢᠳᠪᠦᠷᠢᠯᠡᠵᠦ᠂ ᠡᠯ᠎ᠡ | ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ ᠪᠠᠷ | ᠴᠢᠷᠮᠠᠶᠢᠬᠤ ᠬᠡᠷᠡᠭᠲᠡᠢ᠃ ᠢᠷᠡᠭᠡᠳᠦᠶ ᠳᠤ ᠰᠠᠭᠤᠷᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠴᠢᠳᠠᠪᠤᠷᠢᠲᠠᠨ ᠢ | ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠰᠢᠨ᠎ᠡ | ᠬᠥᠭᠵᠢᠯᠲᠡ ᠶᠢᠨ ᠭᠠᠷᠤᠭ᠎ᠠ ᠳᠤ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠢᠯᠠᠯᠲᠠ ᠶᠢᠨ ᠡᠷᠴᠢᠨ ᠳᠡᠭᠡᠷ᠎ᠡ | ᠤᠷᠤᠭᠰᠢᠯᠠᠵᠤ᠂ ᠢᠷᠡᠭᠡᠳᠦᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ | ᠬᠤᠷᠠᠮᠳᠤᠭᠤᠯᠬᠤ ᠬᠡᠷᠡᠭᠲᠡᠶ ᠭᠡᠪᠡ᠃ | ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶ᠎ᠠ ᠶᠢᠨ ᠠᠵᠢᠯ ᠤᠨ ᠳᠦᠷᠢᠮ︾ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠶᠠᠩ ᠵᠢᠶᠦ᠋ᠨ᠂ ᠶᠠᠩ ᠤᠷᠲᠤ᠂ ᠭᠤᠤ ᠯᠢ ᠹᠠᠩ᠂ ᠭᠦᠸᠧ ᠸᠧᠨ ᠭᠤᠸᠠᠩ᠂ | ᠬᠠᠨ ᠸᠧᠨ ᠰᠢᠶᠠᠩ᠂ ᠬᠠᠨ ᠴᠢᠤᠸᠠᠨ ᠹᠧᠨ᠂ ᠼᠠᠢ ᠲᠢᠶᠧ ᠯᠸᠢ᠂ ᠰᠢᠤᠸᠠᠢ ᠬᠤᠩ ᠸᠧᠶ ᠵᠡᠷᠭᠡ 8 ᠨᠥᠬᠦᠷ ᠢ | ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ ᠢᠶᠠᠷ ᠨᠥᠬᠦᠪᠥᠷᠢᠯᠡᠬᠦ ᠪᠠᠷ | ᠲᠣᠭᠲᠠᠪᠠ᠃ | ᠪᠦᠬᠦᠳᠡ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠴᠢᠷ ᠢ ᠲᠡᠰᠪᠦᠷᠢᠯᠡᠵᠦ ᠬᠠᠯᠠ ᠶᠢ ᠲᠠᠭᠠᠭᠠᠨ᠂ | ᠵᠤᠷᠢᠭᠰᠠᠨ ᠳᠠᠭᠠᠨ ᠬᠦᠷᠬᠦ ᠪᠠᠷ ᠴᠤᠴᠠᠰᠢ ᠦᠭᠡᠢ ᠤᠷᠤᠭᠰᠢᠯᠠᠳᠠᠭ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠳᠠ ᠶᠢᠨ | ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃ |