︵ᠰᠤᠷᠪᠤᠯᠵᠢᠯᠠᠭᠴᠢ ᠠᠷᠢᠭᠤᠨ᠎ᠠ︶ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ | ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ | 7 ᠤ ᠡᠳᠦᠷ᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠨᠢᠭᠡ | ᠴᠤᠭᠴᠠᠵᠢᠯᠳᠠ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠨᠠᠢᠮᠠᠳᠤᠭᠠᠷ ᠬᠤᠭᠤᠴᠠᠭᠠᠨ ᠤ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠲᠠ ᠶᠢᠨ ᠳᠠᠷᠤᠭ᠎ᠠ ᠶᠢᠨ | ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠵᠤ᠂ ᠶᠡᠭᠡ ᠬᠤᠷᠠᠯ ᠠᠴᠠ ᠬᠠᠮᠲᠤ ᠪᠠᠷ ᠵᠥᠪᠳᠡᠯᠴᠡᠬᠦ ᠬᠠᠮᠲᠤ ᠪᠠᠷ | ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ | ᠴᠣᠭᠴᠠᠵᠢᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠦ ᠠᠵᠢᠯ ᠤᠨ ᠪᠠᠶᠢᠷᠢᠯᠠᠭᠤᠯᠤᠯᠲᠠ | ᠬᠢᠵᠦ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ | ᠬᠤᠷᠠᠯ ᠢ ᠡᠷᠬᠢᠯᠡᠵᠦ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ | ᠮᠧᠩ ᠴᠢᠩ ᠸᠧᠢ᠂ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ | ᠬᠤᠢ ᠯᠢᠶᠠᠩ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ | ᠹᠸᠢ ᠶᠦᠨ ᠨᠠᠷ ᠬᠤᠷᠠᠯ ᠳᠤ ᠣᠷᠣᠯᠴᠠᠵᠠᠢ᠃ | ᠬᠤᠸᠠᠩ ᡁᠢ ᠴᠢᠶᠠᠩ ᠬᠡᠯᠡᠬᠦ ᠳᠡᠭᠡᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ | ᠠᠭᠤᠯᠠ ᠤᠰᠤ ᠪᠠᠷ ᠢᠶᠠᠨ ᠵᠠᠯᠭᠠᠯᠳᠤᠵᠤ᠂ ᠰᠣᠶᠣᠯ ᠢᠷᠭᠡᠨᠰᠢᠯ ᠢᠶᠠᠷ ᠢᠶᠠᠨ ᠬᠤᠯᠪᠣᠯᠳᠤᠵᠤ᠂ ᠠᠵᠤ ᠠᠬᠤᠶ ᠪᠠᠷ ᠢᠶᠠᠨ | ᠠᠭᠤᠰᠤᠯᠴᠠᠵᠤ᠂ ᠠᠷᠠᠳ ᠤᠨ ᠰᠡᠳᠬᠢᠯ ᠨᠡᠪᠲᠡᠷᠡᠯᠴᠡᠵᠦ᠂ ᠪᠥᠬᠦ ᠣᠷᠣᠨ ᠤ 15.7% ᠶᠢᠨ ᠭᠠᠵᠠᠷ ᠰᠢᠷᠣᠶ | ᠳᠡᠭᠡᠷ᠎ᠡ ᠪᠥᠬᠦ ᠣᠷᠣᠨ ᠤ 42.5% ᠶᠢᠨ ᠬᠥᠮᠦᠨ ᠠᠮᠠ ᠴᠤᠭᠯᠠᠷᠠᠵᠤ᠂ ᠪᠥᠬᠦ ᠣᠷᠣᠨ ᠤ 60.9% ᠶᠢᠨ ᠠᠵᠤ | ᠠᠬᠤᠶ ᠶᠢᠨ ᠶᠡᠷᠦᠩᠬᠡᠶ ᠬᠡᠮᠵᠢᠶ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ | ᠶᠡᠭᠡ ᠲᠠᠯ᠎ᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠠᠭᠤᠰᠤᠯᠴᠠᠬᠤ ᠳᠤ ᠴᠢᠬᠤᠯᠠ | ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ | ᠬᠤᠲᠠ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡ ᠴᠣᠭᠴᠠᠵᠢᠭᠰᠠᠨ ᠬᠥᠭᠵᠢᠯᠲᠡ ᠶᠢ | ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠥᠬᠦ ᠲᠠᠯ᠎ᠠ ᠠᠴᠠ ᠲᠠᠨᠢᠨ ᠡᠵᠡᠮᠳᠡᠵᠦ᠂ ᠨᠢᠭᠡ | ᠴᠣᠭᠴᠠᠵᠢᠭᠰᠠᠨ ᠬᠥᠭᠵᠢᠯᠲᠡ ᠶᠢ ᠬᠦᠴᠦᠯᠡᠨ ᠠᠬᠢᠭᠤᠯᠵᠤ ᠰᠢᠨ᠎ᠡ ᠳᠡᠭᠲᠡᠷ ᠲᠤ ᠭᠠᠷᠭᠠᠨ᠂ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ᠂ ᠥᠨᠳᠥᠷ ᠪᠦᠲᠦᠮᠵᠢᠲᠡᠶ ᠬᠠᠮᠵᠢᠯᠴᠠᠬᠤ᠂ ᠠᠵᠢᠯ ᠤᠨ ᠬᠤᠪᠢᠶᠠᠷᠢᠯᠠᠯ ᠢ | ᠨᠠᠶᠢᠳᠠᠪᠤᠷᠢᠵᠢᠭᠤᠯᠬᠤ ᠵᠡᠷᠭᠡ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠷᠣᠨ | ᠪᠦᠰᠡ ᠶᠢᠨ ᠣᠷᠣᠨ ᠪᠠᠶᠢᠷᠢ ᠰᠣᠯᠪᠢᠴᠠᠭᠤᠯᠤᠨ ᠬᠥᠭᠵᠢᠭᠦᠯᠬᠦ᠂ ᠵᠣᠬᠢᠴᠠᠩᠭᠤᠶ ᠬᠥᠭᠵᠢᠭᠦᠯᠬᠦ ᠶᠢ ᠪᠡᠶᠡᠯᠡᠭᠦᠯᠵᠦ᠂ | ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ | ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠥᠷᠭᠡᠳᠬᠡᠵᠦ᠂ ᠰᠢᠨ᠎ᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠶ ᠭᠡᠵᠦ ᠵᠢᠭᠠᠪᠠ᠃ | ᠬᠤᠷᠠᠯ ᠳᠡᠭᠡᠷ᠎ᠡ᠂ ᠳᠥᠷᠪᠡᠨ ᠬᠤᠲᠠ ᠶᠢᠨ ᠬᠤᠲᠠ ᠶᠢᠨ ᠳᠠᠷᠤᠭ᠎ᠠ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠵᠤ᠂ ᠬᠠᠮᠲᠤ ᠪᠠᠷ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠠᠬᠢᠭᠤᠯᠬᠤ ᠲᠥᠪ ᠢ ᠡᠬᠢᠯᠡᠭᠦᠯᠦᠭᠰᠡᠨ ᠪᠥᠭᠡᠳ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ | ᠬᠤᠲᠠ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ︾ ︽ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠡᠨᠧᠷᠭᠢ ᠪᠠᠷ ᠬᠠᠷᠢᠯᠴᠠᠨ ᠲᠡᠳᠬᠦᠬᠦ | ᠵᠥᠪᠯᠡᠯᠴᠡᠭᠡᠷ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠪᠠᠷᠠᠭᠠᠨ ᠤ | ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ | ᠬᠠᠮᠲᠤᠷᠠᠯᠴᠠᠭᠠᠨ ᠤ ᠵᠥᠪᠯᠡᠯᠴᠡᠭᠡᠷ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ | ᠬᠠᠲᠤᠨ ᠭᠤᠤᠯ ᠤᠨ ᠰᠠᠪᠠ ᠭᠠᠵᠠᠷ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠥᠪᠯᠡᠯᠴᠡᠭᠡᠷ︾ ᠲᠤ | ᠭᠠᠷ ᠤᠨ ᠥᠰᠥᠭ ᠵᠢᠷᠤᠪᠠ᠃ ᠳᠥᠷᠪᠡᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠤᠷᠭᠠᠨ ᠬᠥᠮᠦᠵᠢᠯ | ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠣᠶᠣᠯ | ᠵᠢᠭᠤᠯᠴᠢᠯᠠᠯ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ 10 | ᠵᠦᠢᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ | ᠬᠤᠷᠠᠯ ᠠᠴᠠ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ | ᠬᠥᠭᠵᠢᠯᠲᠡ ᠶᠢᠨ ᠠᠵᠢᠯ ᠤᠨ ᠲᠣᠭᠲᠠᠴᠠ ᠶᠢᠨ ᠠᠵᠢᠯᠯᠠᠭᠠᠨ ᠤ ᠲᠦᠷᠢᠮ︾ ︽ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠥᠪ ᠤᠨ ᠲᠤᠰᠠᠭᠠᠷ | ᠠᠵᠢᠯᠯᠠᠭᠠᠨ ᠤ ᠲᠥᠰᠦᠯ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠲᠤᠰᠬᠠᠶ ᠪᠠᠯᠠ ᠮᠥᠩᠭᠦ ᠶᠢᠨ | ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃ | ᠳᠠᠷᠠᠭ᠎ᠠ ᠨᠢ ᠶᠠᠪᠤᠭᠳᠠᠭᠰᠠᠨ ᠳᠥᠷᠪᠡᠨ ᠬᠤᠲᠠ ᠶᠢᠨ ᠵᠡᠷᠭᠡᠴᠡᠭᠡ ᠬᠤᠷᠠᠯ ᠳᠡᠭᠡᠷ᠎ᠡ᠂ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ | ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠬᠤ | ᠲᠣᠭᠲᠠᠴᠠ ᠶᠢ ᠪᠠᠶᠢᠭᠤᠯᠬᠤ᠂ ᠵᠡᠭᠦᠨᠭᠠᠷ ᠬᠤᠰᠢᠭᠤ ᠠᠴᠠ ᠬᠥᠬᠡᠬᠤᠲᠠ ᠶᠢᠨ ᠱᠧᠩ ᠯᠧ ᠣᠯᠠᠨ ᠤᠯᠤᠰ ᠤᠨ | ᠨᠢᠰᠬᠡᠯ ᠤᠨ ᠪᠠᠭᠤᠳᠠᠯ ᠬᠥᠷᠬᠦ ᠬᠤᠯᠪᠣᠬᠤ ᠱᠤᠭᠤᠮ ᠤᠨ ᠵᠠᠰᠠᠮᠠᠯ ᠵᠠᠮ ᠪᠠ S27 ᠬᠥᠬᠡᠬᠤᠲᠠ ᠠᠴᠠ ᠣᠷᠳᠣᠰ | ᠬᠦᠷᠬᠦ ᠲᠦᠷᠭᠡᠨ ᠤ ᠵᠠᠮ ᠢ ᠬᠠᠮᠲᠤᠪᠠᠷ ᠪᠠᠶᠢᠭᠤᠯᠬᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ | ᠬᠤᠲᠠ ᠳᠤ ᠨᠡᠶᠢᠳᠡᠮ ᠭᠦᠢᠴᠡᠳᠭᠡᠭᠦ ᠦᠢᠯᠡᠴᠢᠯᠡᠭᠡ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠪᠠ᠃ |