ᠮᠠᠨ ᠤ ᠬᠤᠲᠠ ᠶᠢᠨ ᠬᠤᠶᠠᠷ ᠨᠢᠭᠡᠴᠢ᠂ ᠬᠤᠶᠠᠷ ᠠᠵᠢᠯᠯᠠᠭ᠎ᠠ 2023 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠢ᠂ ᠰᠢᠯᠢᠳᠡᠭ ᠠᠵᠢᠯᠯᠠᠭ᠎ᠠ ᠶᠢᠨ ᠨᠡᠷᠡᠰ ᠲᠤ ᠣᠷᠣᠪᠠ
ᠨᠡᠶᠢᠲᠡᠯᠡᠭᠰᠡᠨ ᠴᠠᠭ᠄
2024/2/18
     ︵ᠰᠤᠷᠪᠤᠯᠵᠢᠯᠠᠭᠴᠢ ᠦ᠋ ᠽᠢ ᠰᠢᠤᠸᠠᠨ︶ ᠣᠶᠢᠷ᠎ᠠ ᠳᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ 2023 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠬᠢᠨᠠᠨ ᠰᠢᠯᠭᠠᠯᠲᠠ ᠶᠢᠨ ᠦᠷ᠎ᠡ ᠳ᠋ᠦᠩ ᠢ ᠨᠡᠶᠢᠲᠡᠯᠡᠵᠦ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠭᠰᠠᠨ ᠨᠢᠭᠡᠴᠢ ᠪᠣᠯᠣᠨ ᠠᠵᠢᠯᠯᠠᠭ᠎ᠠ ᠶᠢ ᠰᠠᠶᠢᠰᠢᠶᠠᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠮᠧᠩ ᠼᠤᠤ ᠠᠮᠢ ᠠᠬᠤᠢ ᠶᠢᠨ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽2023 ᠣᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ ᠶᠢᠨ ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠢ︾ ᠶᠢᠨ ᠢᠷᠠᠭᠤ ᠠᠯᠳᠠᠷ ᠢ ᠬᠦᠷᠲᠡᠵᠦ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠳᠠᠯᠢ ᠨᠢᠭᠡᠨ ᠬᠢᠴᠢᠶᠡᠯ ︱ ᠲᠦᠮᠡᠳ ᠵᠡᠭᠦᠨ ᠬᠤᠰᠢᠭᠤᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠠᠵᠢᠯᠯᠠᠭ᠎ᠠ᠂ ︽ᠬᠠᠲᠤᠨ ᠭᠤᠣᠯ · ᠬᠥᠬᠡᠮᠥ᠋ᠷᠡᠨ ᠤ ᠤᠰᠤᠨ ᠤ ᠠᠮᠢ ᠠᠬᠤᠢ︾ ᠶᠢᠨ ᠵᠠᠰᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠵᠡᠭᠦᠯᠦᠯᠭᠡ ︱ ᠥᠪᠥᠷ ᠮᠣᠩᠭᠤᠯ ᠤᠨ ᠳ᠋ᠦᠩ ᠶᠤᠸᠠᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ︶ ᠶᠢᠨ ᠠᠵᠢᠯᠯᠠᠭ᠎ᠠ ︽2023 ᠣᠨ ᠤ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠰᠢᠯᠢᠳᠡᠭ ᠠᠵᠢᠯᠯᠠᠭ᠎ᠠ︾ ᠳᠤ ᠰᠣᠩᠭᠤᠭᠳᠠᠪᠠ᠃      ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠠᠵᠢᠯ ᠤᠨ ᠲᠣᠭᠲᠠᠴᠠ ᠳᠠᠭᠠᠨ ᠲᠠᠰᠤᠷᠠᠯᠲᠠ ᠦᠭᠡᠢ ᠰᠢᠨ᠎ᠡ ᠶᠢ ᠡᠭᠦᠳᠦᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠨᠴᠠᠯᠢᠭᠲᠤ ᠨᠡᠷᠡᠲᠦ ᠲᠡᠮᠳᠡᠭ ᠢ ᠢᠳᠡᠪᠬᠢᠲᠡᠢ ᠪᠠᠷ ᠡᠭᠦᠳᠴᠦ᠂ ︽ᠰᠢᠨᠵᠢᠯᠡᠬᠦ ᠤᠬᠠᠭᠠᠨ ᠲᠦᠭᠡᠮᠡᠯᠵᠢᠭᠰᠡᠨ ᠳᠤᠮᠳᠠᠳᠤ ᠤᠯᠤᠰ︾ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠵᠠᠭᠤᠴᠢᠯᠠᠭᠤᠷ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠲᠣᠰᠬᠤᠨ ᠳᠤ ᠪᠠᠭᠤᠯᠭᠠᠬᠤ︾᠂ ︽ᠵᠠᠭᠤᠨ ᠲᠤᠰᠬᠠᠢ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠳᠠᠮᠵᠢᠭᠤᠯᠬᠤ ᠠᠶᠠᠯᠠᠯ︾᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠢᠳᠡᠭᠡᠨ ᠤ ᠠᠶᠤᠯᠭᠦᠢ᠂ ᠴᠠᠭ ᠠᠭᠤᠷ ᠤᠨ ᠡᠳᠦᠷ᠂ ᠣᠷᠴᠢᠨ ᠲᠣᠭᠤᠷᠢᠨ ᠤ ᠡᠳᠦᠷ᠂ ︽ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ︾ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ︾ ᠵᠡᠷᠭᠡ ᠭᠤᠣᠯ ᠰᠡᠳᠦᠪᠲᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ 2023 ᠣᠨ ᠤ 9 ᠳ᠋ᠦ᠋ᠭᠡᠷ ᠰᠠᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ 18 ᠨᠢᠭᠡᠴᠢ ᠲᠠᠢ ᠬᠠᠮᠲᠤᠷᠠᠨ 2023 ᠣᠨ ᠤ ᠬᠥᠬᠡᠬᠤᠲᠠ ᠶᠢᠨ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ ᠤᠨ ᠭᠤᠣᠯ ᠲᠠᠯᠠᠪᠤᠷ ᠤᠨ ᠠᠵᠢᠯᠯᠠᠭ᠎ᠠ ᠶᠢ ᠡᠷᠭᠢᠯᠡᠵᠦ᠂ ᠡᠭᠦᠨ ᠤ ᠬᠠᠮᠲᠤ 9 ᠬᠤᠰᠢᠭᠤ ᠰᠢᠶᠠᠨ ᠲᠣᠭᠤᠷᠢᠭ ᠵᠢᠴᠢ ᠬᠡᠳᠦᠨ ᠠᠷᠪᠠᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠠᠢ ᠬᠠᠮᠲᠤᠷᠠᠨ ᠥᠷᠭᠡᠨ ᠣᠯᠠᠨ ᠲᠦᠮᠡᠨ ᠳᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠪᠡᠳᠡᠭᠰᠢ ᠨᠠᠶᠢᠷ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠷ᠎ᠡ ᠪᠦᠲᠦᠮᠵᠢ ᠢᠯᠡᠳᠲᠡ ᠪᠣᠯᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1