| | ᠭᠤᠣᠯᠢᠩ ᠰᠢᠷᠣᠢ ᠨᠢ ᠨᠢᠭᠡ ᠵᠦᠢᠯ ᠤᠨ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ ᠪᠣᠯᠤᠭᠰᠠᠨ ᠤ | ᠬᠤᠪᠢ ᠳᠤ᠂ ᠰᠢᠷ ᠪᠤᠳᠤᠭ᠂ ᠴᠠᠭᠠᠰᠤ ᠬᠢᠬᠦ᠂ ᠴᠠᠬᠢᠯᠭᠠᠨ ᠤᠮᠪᠠᠯᠲᠠ ᠶᠢᠨ ᠰᠢᠷ᠂ ᠸᠠᠭᠠᠷ ᠱᠠᠭᠠᠵᠠᠩ ᠵᠡᠷᠭᠡ 20 | ᠭᠠᠷᠤᠢ ᠠᠵᠢᠯ ᠲᠥᠷᠥᠯ ᠳᠤ ᠥᠷᠭᠡᠨ ᠢᠶᠠᠷ ᠬᠡᠷᠡᠭᠯᠡᠭᠳᠡᠵᠦ᠂ ᠨᠡᠯᠢᠶᠡᠳ ᠥᠨᠳᠥᠷ ᠦᠨ᠎ᠡ ᠥᠷᠲᠡᠭ ᠲᠠᠢ ᠪᠠᠶᠢᠳᠠᠭ᠂ | ᠴᠢᠩ ᠱᠦᠢ ᠾᠧ ᠰᠢᠶᠠᠨ ᠳᠤ ᠭᠤᠣᠯᠢᠩ ᠰᠢᠷᠣᠢ ᠶᠢ ᠤᠯᠠᠶᠢᠰᠬᠠᠬᠤ ᠰᠠᠶᠢᠨ ᠨᠥᠬᠦᠴᠡᠯ ᠲᠠᠢ᠃ ᠴᠢᠩ ᠱᠦᠢ ᠾᠧ | ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠴᠤᠤ ᠫᠠᠢ | ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧᠩ ᠶᠤᠸᠠᠨ ᠤ | ᠭᠤᠣᠯᠢᠩ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠨ | ᠰᠢᠨ ᠭᠤᠣᠯᠢᠩ ᠰᠢᠷᠣᠢ ᠶᠢᠨ ᠬᠢᠵᠠᠭᠠᠷᠲᠤ ᠺᠣᠮᠫᠠᠨᠢ ᠵᠡᠷᠭᠡ ᠭᠤᠣᠯᠢᠩ ᠰᠢᠷᠣᠢ ᠶᠢᠨ ᠦᠢᠯᠡᠳᠪᠦᠷᠢᠯᠡᠯ ᠤᠨ ᠠᠵᠤ | ᠠᠬᠤᠶᠢᠯᠠᠯ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠴᠢᠯᠦᠭᠡ ᠲᠠᠯᠪᠢᠬᠤ ᠦᠭᠡᠢ᠂ ᠠᠵᠢᠯ ᠵᠣᠭᠰᠣᠬᠤ | ᠦᠭᠡᠢ᠃ ︽ᠭᠠᠯᠯᠠᠭ᠎ᠠ ᠶᠢᠨ ᠬᠦᠴᠦᠨ ᠢᠶᠠᠷ ᠪᠦᠬᠦᠨ ᠢ ᠡᠬᠢᠯᠡᠭᠦᠯᠵᠦ︾ᠪᠦᠬᠦ ᠬᠦᠴᠦᠨ ᠢᠶᠠᠷ ᠢᠶᠠᠨ ᠵᠠᠬᠢᠶᠠᠯᠠᠭ᠎ᠠ ᠶᠢᠨ | ᠬᠠᠭᠤᠳᠠᠰᠤ ᠶᠢ ᠭᠦᠢᠴᠡᠳᠬᠡᠵᠦ᠂ ᠡᠯ᠎ᠡ ᠦᠢᠯᠡᠳᠪᠦᠷᠢᠯᠡᠯ ᠤᠨ ᠲᠠᠰᠤᠭ ᠶᠠᠭᠠᠷᠠᠯᠲᠠᠢ ᠪᠠᠶᠢᠳᠠᠯ ᠲᠠᠢ ᠪᠣᠯᠵᠤ᠂ ᠡᠯ᠎ᠡ | ᠦᠢᠯᠡᠳᠪᠦᠷᠢᠯᠡᠯ ᠤᠨ ᠭᠤᠭᠴᠤᠭ᠎ᠠ ᠡᠮᠬᠢ ᠳᠢᠭᠯᠢᠮ ᠲᠠᠢ ᠶᠠᠪᠤᠭᠳᠠᠵᠤ᠂ ᠠᠵᠢᠯᠴᠢᠳ ᠲᠤᠰ ᠲᠤᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ ᠶᠠᠭᠠᠷᠠᠯᠲᠠᠢ ᠠᠵᠢᠯᠯᠠᠵᠤ ᠪᠠᠶᠢᠯ᠎ᠠ᠃ | | | | | ᠥᠪᠥᠷ ᠮᠣᠩᠭᠤᠯ ᠤᠨ ᠴᠤᠤ ᠫᠠᠢ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ | ᠨᠢ ᠨᠡᠭᠦᠷᠡᠰᠦᠨ ᠴᠢᠯᠠᠭᠤ ︵ᠨᠡᠭᠦᠷᠡᠰᠦᠨ ᠤ ᠰᠢᠰᠲ᠋ᠧᠮ ᠤᠨ ᠭᠤᠸ ᠯᠢᠩ ᠴᠢᠯᠠᠭᠤ︶ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠥᠨᠳᠥᠷ ᠥᠷᠲᠡᠭᠵᠢᠭᠦᠯᠬᠦ᠂ 100% ᠪᠠᠷ ᠡᠬᠢ ᠪᠠᠶᠠᠯᠢᠭᠵᠢᠭᠤᠯᠤᠨ ᠠᠰᠢᠭᠯᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠷ ᠪᠤᠳᠤᠭ᠂ ᠴᠠᠭᠠᠰᠤ ᠬᠢᠬᠦ᠂ ᠬᠢᠮᠡᠯ ᠴᠢᠯᠠᠭᠤᠨ ᠮᠠᠲ᠋ᠧᠷᠢᠶᠠᠯ ᠵᠡᠷᠭᠡ | ᠬᠦᠷᠢᠶᠡᠨ ᠳᠠᠬᠢ ᠨᠡᠭᠦᠷᠡᠰᠦᠨ ᠤ ᠰᠢᠰᠲ᠋ᠧᠮ ᠤᠨ ᠰᠢᠲᠠᠭᠠᠭᠰᠠᠨ ᠭᠤᠸ ᠯᠢᠩ ᠰᠢᠷᠣᠢ ᠶᠢᠨ ᠪᠦᠲᠦᠭᠡᠭᠳᠡᠬᠦᠨ ᠢ | ᠰᠤᠳᠤᠯᠤᠨ ᠨᠡᠭᠡᠭᠡᠬᠦ ᠪᠠ ᠦᠢᠯᠡᠳᠪᠦᠷᠢᠯᠡᠨ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠠᠵᠤ ᠠᠬᠤᠶᠢᠯᠠᠯ ᠤᠨ | ᠨᠢᠭᠡᠳᠦᠭᠡᠷ ᠬᠤᠭᠤᠴᠠᠭᠠᠨ ᠤ ᠵᠢᠯ ᠤᠨ ᠭᠠᠷᠤᠯᠲᠠ ᠨᠢ 6 ᠲᠦᠮᠡᠨ ᠲᠣᠨ᠂ ᠬᠤᠶᠠᠳᠤᠭᠠᠷ ᠬᠤᠭᠤᠴᠠᠭᠠᠨ ᠤ ᠵᠢᠯ ᠤᠨ | ᠭᠠᠷᠤᠯᠲᠠ ᠨᠢ 15 ᠲᠦᠮᠡᠨ ᠲᠣᠨ ᠪᠠ 5 ᠲᠦᠮᠡᠨ ᠲᠣᠨ/ᠵᠢᠯ ᠤᠨ ᠥᠨᠳᠥᠷ ᠢᠳᠡᠪᠬᠢ ᠴᠢᠨᠠᠷᠲᠠᠢ ᠭᠤᠸ ᠯᠢᠩ | ᠰᠢᠷᠣᠢ ᠶᠢᠨ ᠦᠢᠯᠡᠳᠪᠦᠷᠢᠯᠡᠯ ᠤᠨ ᠱᠤᠭᠤᠮ ᠤᠨ ᠭᠤᠷᠪᠠᠨ ᠦᠢᠯᠡᠳᠪᠦᠷᠢᠯᠡᠯ ᠤᠨ ᠱᠤᠭᠤᠮ ᠢ ᠴᠥᠮ ᠬᠡᠪ ᠤᠨ | ᠪᠠᠶᠢᠳᠠᠯ ᠢᠶᠠᠷ ᠦᠢᠯᠡᠳᠪᠦᠷᠢᠯᠡᠵᠦ᠂ ᠭᠠᠷᠤᠯᠲᠠ ᠶᠢᠨ ᠬᠠᠷᠠᠯᠲᠠ ᠨᠢ ᠪᠠᠶᠠᠷ ᠳᠤᠷᠠᠰᠬᠠᠯ ᠤᠨ ᠪᠤᠰᠤ ᠠᠮᠠᠷᠠᠯᠲᠠ ᠶᠢᠨ | ᠬᠤᠭᠤᠴᠠᠭᠠᠨ ᠤ ᠬᠢ ᠲᠠᠢ ᠠᠳᠠᠯᠢ᠃ ᠺᠣᠮᠫᠠᠨᠢ ᠠᠮᠠᠷᠠᠯᠲᠠ ᠶᠢᠨ ᠬᠤᠭᠤᠴᠠᠭᠠᠨ ᠳᠤ ᠰᠦᠢᠳᠬᠡᠯ ᠬᠤᠷᠢᠶᠠᠬᠤ | ᠦᠭᠡᠢ ᠪᠠᠷ ᠬᠤᠭᠤᠯᠠ ᠢᠳᠡᠬᠦ᠂ ᠫᠤᠤᠵᠢᠩ ᠲᠠᠯᠪᠢᠬᠤ᠂ ᠭᠠᠯ ᠳᠦᠷᠡᠯᠵᠡᠭᠦᠯᠬᠦ᠂ ᠪᠢᠲᠡᠭᠦᠨ ᠤ ᠰᠥᠨᠢ ᠶᠢᠨ | ᠬᠠᠮᠲᠤ ᠶᠢᠨ ᠵᠣᠯᠭᠠᠯᠲᠠ ᠬᠢᠬᠦ᠂ ᠤᠯᠠᠭᠠᠨ ᠪᠠᠭᠯᠠᠭ᠎ᠠ ᠥᠭᠬᠦ ᠵᠡᠷᠭᠡ ᠠᠵᠢᠯᠯᠠᠭ᠎ᠠ ᠶᠢ ᠥᠷᠨᠢᠭᠦᠯᠪᠡ᠃ | | | | | ᠥᠪᠥᠷ ᠮᠣᠩᠭᠤᠯ ᠤᠨ ᠾᠧᠩ ᠶᠤᠸᠠᠨ ᠭᠤᠣᠯᠢᠩ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠪᠣᠯ ᠨᠡᠭᠦᠷᠡᠰᠦᠨ ᠴᠢᠯᠠᠭᠤ ᠶᠢᠨ ᠬᠠᠶᠠᠭᠳᠠᠮᠠᠯ ᠪᠣᠳᠠᠰ ᠢ 100% ᠢᠶᠠᠷ ᠶᠡᠷᠦᠩᠬᠡᠶᠢᠯᠡᠨ | ᠠᠰᠢᠭᠯᠠᠭᠰᠠᠨ᠂ ᠲᠤᠰᠬᠠᠢ ᠦᠢᠯᠡᠳᠪᠦᠷᠢᠯᠡᠯ ᠢᠶᠠᠷ ᠭᠤᠣᠯᠢᠩ ᠰᠢᠷᠣᠢ ᠶᠢ ᠰᠢᠲᠠᠭᠠᠭᠰᠠᠨ ᠲᠣᠮᠣ ᠬᠡᠯᠪᠡᠷᠢ ᠶᠢᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ᠎ᠠ᠂ ᠦᠢᠯᠡᠳᠬᠦᠨ ᠤ ᠶᠡᠷᠦᠩᠬᠡᠢ ᠬᠡᠮᠵᠢᠶ᠎ᠡ ᠨᠢ ᠬᠥᠬᠡᠬᠤᠲᠠ | ᠣᠷᠣᠨ ᠤ ᠭᠠᠷᠤᠯᠲᠠ ᠶᠢᠨ 35%᠂ ᠪᠦᠬᠦ ᠤᠯᠤᠰ ᠤᠨ 10% ᠣᠷᠴᠢᠮ ᠢ ᠡᠵᠡᠯᠡᠵᠦ ᠪᠤᠢ᠃ ᠵᠣᠴᠢᠨ ᠡᠷᠦᠬᠡ ᠶᠢᠨ | ᠵᠠᠬᠢᠶᠠᠯᠠᠭ᠎ᠠ ᠶᠢᠨ ᠬᠠᠭᠤᠳᠠᠰᠤ ᠶᠢ ᠴᠠᠭ ᠲᠤᠬᠠᠢ ᠳᠤᠨᠢ ᠲᠤᠰᠢᠶᠠᠬᠤ ᠶᠢ ᠪᠠᠲᠤᠯᠠᠬᠤ ᠶᠢᠨ ᠲᠥᠯᠥᠭᠡ᠂ ᠠᠵᠤ ᠠᠬᠤᠶᠢᠯᠠᠯ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ | ᠦᠢᠯᠡᠳᠪᠦᠷᠢᠯᠡᠯ ᠤᠨ ᠱᠤᠭᠤᠮ ᠤᠨ ᠠᠶᠤᠯᠭᠦᠢ ᠠᠵᠢᠯᠯᠠᠭᠠᠨ ᠢ ᠦᠨᠡᠨ ᠡᠯ᠎ᠡ ᠦᠢᠯᠡᠳᠪᠦᠷᠢᠯᠡᠯ ᠤᠨ ᠱᠤᠭᠤᠮ ᠴᠤ | ᠬᠡᠪ ᠤᠨ ᠠᠵᠢᠯ ᠤᠨ ᠬᠡᠮᠵᠢᠶ᠎ᠡ ᠪᠠᠷ ᠢᠶᠠᠨ ᠦᠢᠯᠡᠳᠪᠦᠷᠢᠯᠡᠵᠦ᠂ ᠳᠣᠲᠣᠭᠠᠳᠤ ᠳᠠᠭᠠᠨ ᠲᠣᠬᠢᠷᠠᠭᠤᠯᠬᠤ᠂ ᠴᠠᠭ ᠨᠡᠮᠡᠵᠦ | ᠠᠵᠢᠯᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠠᠵᠢᠯᠲᠠᠨ ᠢᠶᠠᠨ ᠵᠣᠬᠢᠰᠲᠠᠢ ᠲᠣᠬᠢᠷᠠᠭᠤᠯᠵᠤ᠂ ᠡᠳᠦᠷ ᠪᠦᠷᠢ ᠶᠢᠨ 800 | ᠲᠣᠨ ᠤ ᠦᠢᠯᠡᠳᠪᠦᠷᠢᠯᠡᠯ ᠤᠨ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠨ᠎ᠠ᠃ ᠡᠭᠦᠨ ᠤ ᠬᠠᠮᠲᠤ᠂ ᠠᠵᠤ | ᠠᠬᠤᠶᠢᠯᠠᠯ ᠪᠠᠰᠠ ᠦᠢᠯᠡᠳᠪᠦᠷᠢ ᠶᠢᠨ ᠲᠣᠭᠤᠷᠢᠭ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠳᠡᠪᠬᠢᠲᠡᠢ ᠪᠤᠶ | ᠪᠣᠯᠭᠠᠵᠤ᠂ ᠴᠠᠭᠠᠨ ᠰᠠᠷ᠎ᠠ ᠶᠢᠨ ᠬᠤᠣᠰ ᠤᠶᠠᠩᠭ᠎ᠠ᠂ ᠪᠤᠶᠠᠨ ᠤ ᠦᠰᠦᠭ᠂ ᠴᠣᠩᠬᠤᠨ ᠬᠤᠸᠠᠷ ᠵᠢᠴᠢ ᠬᠠᠮᠲᠤ | ᠪᠠᠷ ᠢᠶᠠᠨ ᠪᠠᠩᠰᠢ ᠪᠠᠷᠢᠬᠤ ᠵᠡᠷᠭᠡ ᠠᠯᠢ ᠣᠯᠠᠨ ᠴᠠᠭᠠᠨ ᠰᠠᠷ᠎ᠠ ᠶᠢᠨ ᠣᠨᠴᠠᠯᠢᠭ ᠲᠠᠢ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠣᠯᠠᠨ ᠨᠡᠶᠢᠲᠡ ᠶᠢᠨ ᠲᠣᠭᠤᠷᠢᠭ ᠲᠤ ᠥᠩᠭᠡᠲᠦ ᠳ᠋ᠧᠩ᠂ ᠳ᠋ᠧᠩᠯᠦ ᠵᠡᠷᠭᠡ ᠶᠢ ᠡᠯᠭᠦᠵᠦ᠂ | ᠠᠵᠢᠯᠲᠠᠳ ᠲᠤ ᠡᠯᠪᠡᠭ ᠳᠡᠯᠪᠡᠭ ᠬᠤᠭᠤᠯᠠ ᠵᠠᠭᠤᠰᠢ ᠬᠠᠩᠭᠠᠬᠤ ᠶᠢᠨ ᠬᠠᠮᠲᠤ ᠠᠵᠢᠯᠲᠠᠨ ᠨᠢᠭᠡᠪᠦᠷᠢ ᠳᠤ ᠠᠮᠤ | ᠪᠤᠳᠠᠭ᠎ᠠ᠂ ᠭᠤᠯᠢᠷ᠂ ᠲᠣᠰᠣ᠂ ᠵᠢᠮᠢᠰ ᠵᠡᠷᠭᠡ ᠪᠠᠶᠠᠷ ᠤᠨ ᠡᠳᠦᠷ ᠤᠨ ᠠᠰᠠᠷᠠᠮᠵᠢ ᠣᠯᠭᠤᠵᠤ᠂ ᠴᠠᠭᠠᠨ ᠰᠠᠷ᠎ᠠ ᠶᠢᠨ | ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠠᠵᠢᠯᠲᠠᠳ ᠲᠤ ᠭᠤᠷᠪᠠᠨ ᠳᠠᠬᠢᠨ ᠤ ᠴᠠᠯᠢᠩ | ᠵᠢᠴᠢ ᠬᠥᠮᠥᠨ ᠪᠦᠷᠢ ᠳᠤ 100 ᠲᠥᠭᠦᠷᠢᠭ ᠤᠨ ᠴᠠᠭᠠᠨ ᠰᠠᠷ᠎ᠠ ᠶᠢᠨ ᠤᠯᠠᠭᠠᠨ ᠪᠠᠭᠯᠠᠭᠠᠣᠯᠭᠤᠬᠤ ᠁ ᠁ | ᠠᠵᠢᠯᠲᠠᠳ ᠲᠤ ᠭᠡᠷ ᠪᠦᠯᠢ ᠶᠢᠨ ᠬᠠᠯᠠᠭᠤᠨ ᠳᠤᠯᠠᠭᠠᠨ ᠢ ᠲᠥᠷᠥᠭᠳᠡᠭᠦᠯᠪᠡ᠃ | ᠥᠪᠥᠷ ᠮᠣᠩᠭᠤᠯ ᠤᠨ ᠰᠠᠨ ᠰᠢᠨ ᠭᠤᠸ ᠯᠢᠩ ᠰᠢᠷᠣᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ | ᠣᠲᠣ ᠭᠤᠷᠪᠠᠨ ᠣᠳᠣᠬᠢᠴᠢᠯᠠᠭᠰᠠᠨ ᠦᠢᠯᠡᠳᠪᠦᠷᠢᠯᠡᠯ ᠤᠨ ᠱᠤᠭᠤᠮ ᠲᠠᠢ᠂ ᠲᠤᠰᠬᠠᠢ ᠦᠢᠯᠡᠳᠪᠦᠷᠢᠯᠡᠯ ᠤᠨ ᠬᠡᠲᠦ | ᠨᠠᠷᠢᠯᠢᠭ᠂ ᠭᠤᠸ ᠯᠢᠩ ᠰᠢᠷᠣᠢ ᠶᠢ ᠰᠢᠲᠠᠭᠠᠭᠰᠠᠨ ᠣᠳᠣᠬᠢᠴᠢᠯᠠᠭᠰᠠᠨ ᠦᠢᠯᠡᠳᠪᠦᠷᠢᠯᠡᠯ ᠤᠨ ᠬᠡᠯᠪᠡᠷᠢ ᠶᠢᠨ ᠠᠵᠤ | ᠠᠬᠤᠶᠢᠯᠠᠯ ᠪᠣᠯᠣᠨ᠎ᠠ᠃ ᠤᠯᠠᠨ ᠵᠢᠯ ᠤᠨ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠢ ᠰᠤᠳᠤᠯᠤᠨ ᠨᠡᠭᠡᠭᠡᠬᠦ ᠪᠠᠷ | ᠳᠠᠮᠵᠢᠭᠠᠳ᠂ ᠣᠳᠣᠬᠠᠨ ᠳᠤ ᠨᠢᠭᠡᠨᠲᠡ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠴᠢᠨᠠᠷ ᠰᠠᠶᠢᠲᠠᠢ ᠨᠡᠭᠦᠷᠡᠰᠦᠨ | ᠴᠢᠯᠠᠭᠤ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠦᠢᠯᠡᠳᠪᠦᠷᠢᠯᠡᠯ ᠤᠨ ᠤᠷᠠᠯᠠᠯ ᠢ | ᠰᠤᠳᠤᠯᠤᠨ ᠪᠦᠲᠦᠭᠡᠭᠰᠡᠨ ᠪᠠᠶᠢᠨ᠎ᠠ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠤᠶᠠᠷ ᠵᠦᠢᠯ ᠤᠨ | ᠦᠢᠯᠡᠳᠪᠦᠷᠢᠯᠡᠯ ᠤᠨ ᠱᠤᠭᠤᠮ ᠢ ᠬᠡᠷᠡᠭᠯᠡᠵᠦ᠂ ᠭᠤᠣᠯᠢᠩ ᠰᠢᠷᠣᠢ ᠶᠢ 3000 ᠲᠣᠨ ᠰᠢᠲᠠᠭᠠᠬᠤ ᠪᠠᠷ ᠲᠥᠯᠥᠪᠯᠡᠵᠦ | ᠪᠠᠶᠢᠨ᠎ᠠ᠃ ᠡᠭᠦᠨ ᠤ ᠵᠡᠷᠭᠡ ᠳᠤ᠂ ᠠᠵᠢᠯᠲᠠᠳ ᠢ ᠪᠠᠶᠠᠷ ᠬᠥᠷ ᠲᠠᠢ ᠴᠠᠭᠠᠨ ᠰᠠᠷ᠎ᠠ ᠶᠢᠨ ᠪᠠᠶᠠᠷ ᠢ ᠥᠩᠭᠡᠷᠡᠭᠦᠯᠬᠦ ᠶᠢᠨ | ᠲᠥᠯᠥᠭᠡ᠂ ᠠᠮᠢᠳᠤᠷᠠᠯ ᠤᠨ ᠲᠣᠭᠤᠷᠢᠭ ᠢ ᠴᠤ ᠰᠢᠨ᠎ᠡ ᠪᠠᠷ ᠵᠠᠰᠠᠵᠤ ᠴᠢᠮᠡᠵᠡᠢ᠂ ᠵᠠᠮ ᠤᠨ ᠬᠤᠶᠠᠷ ᠲᠠᠯ᠎ᠠ ᠶᠢᠨ | ᠥᠩᠭᠡᠲᠦ ᠳ᠋ᠧᠩᠯᠦ ᠶᠢ ᠬᠠᠮᠲᠤ ᠳᠤᠨᠢ ᠡᠯᠭᠦᠭᠰᠡᠨ ᠪᠥᠭᠡᠳ ᠠᠮᠠᠷᠠᠯᠲᠠ ᠶᠢᠨ ᠬᠤᠭᠤᠴᠠᠭᠠᠨ ᠳᠤ ᠠᠵᠢᠯᠲᠠᠨ | ᠠᠵᠢᠯᠴᠢᠳ ᠲᠤ ᠰᠦᠢᠳᠬᠡᠯ ᠬᠤᠷᠢᠶᠠᠬᠤ ᠦᠭᠡᠢ ᠪᠠᠷ ᠡᠯᠪᠡᠭ ᠳᠡᠯᠪᠡᠭ ᠠᠮᠲᠠᠲᠤ ᠢᠳᠡᠭᠡᠨ ᠬᠠᠩᠭᠠᠵᠤ᠂ ᠬᠥᠬᠡᠭᠡ | ᠰᠠᠷ᠎ᠠ ᠶᠢᠨ ᠬᠤᠷᠢ ᠶᠢᠰᠦᠨ ᠳᠤ ᠬᠤᠣᠰ ᠤᠶᠠᠩᠭ᠎ᠠ ᠪᠣᠯᠣᠨ ᠪᠤᠶᠠᠨ ᠬᠡᠰᠢᠭ ᠤᠨ ᠦᠰᠦᠭ ᠢ ᠨᠠᠭᠠᠵᠤ᠂ ᠪᠢᠲᠡᠭᠦᠨ ᠤ | ᠡᠳᠦᠷ ᠬᠠᠮᠲᠤ ᠪᠠᠷ ᠬᠤᠸᠠᠷ ᠫᠤᠤᠵᠢᠩ ᠲᠠᠯᠪᠢᠵᠤ᠂ ᠴᠠᠭᠠᠨ ᠰᠠᠷ᠎ᠠ ᠶᠢᠨ ᠪᠠᠶᠠᠷ ᠢ ᠬᠠᠮᠲᠤ ᠪᠠᠷ ᠪᠡᠯᠭᠡᠯᠡᠪᠡ᠃ |