ᠴᠢᠩ ᠱᠦᠢ ᠾᠧ ᠰᠢᠶᠠᠨ᠄ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/2/19
     ᠣᠶᠢᠷ᠎ᠠ ᠳᠤ᠂ ᠡᠪᠯᠡᠯ ᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ ᠪᠥᠬᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤᠴᠤᠳ ᠤᠨ ᠬᠤᠰᠢᠭᠤᠴᠢ ᠶᠢ ᠬᠥᠬᠢᠭᠦᠯᠦᠨ ᠰᠠᠶᠢᠰᠢᠶᠠᠵᠤ᠂ ᠮᠠᠨ ᠤ ᠰᠢᠶᠠᠨ ᠤ ᠸᠠᠩ ᠶᠤᠸᠠᠢ᠂ ᠵᠠᠩ ᠵᠢᠩ᠂ ᠦ᠋ ᠯᠢ ᠵᠢᠶᠦ᠋ᠨ᠂ ᠯᠧᠦ ᠯᠧᠢ᠂ ᠭᠦᠸᠧ ᠵᠢᠩ᠂ ᠹᠦ᠋ ᠱᠢ ᠰᠢᠶᠦ᠋ᠩ ᠵᠡᠷᠭᠡ 6 ᠵᠠᠯᠠᠭᠤ ᠶᠢ ᠬᠥᠬᠢᠭᠦᠯᠦᠨ ᠰᠠᠶᠢᠰᠢᠶᠠᠪᠠ᠃      ᠣᠶᠢᠯᠠᠭᠠᠭᠰᠠᠨ ᠢᠶᠠᠷ᠂ ᠴᠢᠩ ᠱᠦᠢ ᠾᠧ ᠰᠢᠶᠠᠨ ᠤ ᠬᠢᠨ ᠴᠢᠳᠠᠪᠤᠷᠢᠲᠠᠨ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠨᠢᠭᠡ‌ᠠᠷᠪᠠᠨ ᠵᠠᠭᠤ ᠮᠢᠩᠭᠠᠨ ᠲᠦᠮᠡ︾ᠴᠢᠳᠠᠪᠤᠷᠢᠲᠠᠨ ᠢ ᠣᠷᠣᠭᠤᠯᠤᠨ ᠠᠪᠴᠢᠷᠠᠬᠤ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂ 2025 ᠣᠨ ᠪᠣᠯᠬᠤ ᠳᠤ ᠨᠡᠶᠢᠳᠡ 1 ᠠᠺᠠᠳᠧᠮᠢᠴᠢ᠂ 10 ᠳ᠋ᠣᠺᠲ᠋ᠣᠷ᠂ 100 ᠮᠠᠰᠲ᠋ᠧᠷ᠂ 1000 ᠣᠷᠣᠨ ᠨᠤᠲᠤᠭ ᠤᠨ ᠴᠢᠳᠠᠪᠤᠷᠢᠲᠠᠨ᠂ 10000 ᠪᠠᠶᠢᠩᠭᠤ ᠰᠠᠭᠤᠭ᠎ᠠ ᠬᠥᠮᠥᠨ ᠠᠮᠠ ᠶᠢ ᠣᠷᠣᠭᠤᠯᠤᠨ ᠠᠪᠴᠢᠷᠠᠵᠤ᠂ ᠴᠢᠳᠠᠪᠤᠷᠢᠲᠠᠨ ᠢᠶᠠᠷ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠪᠠᠷ ᠲᠥᠯᠥᠪᠯᠡᠵᠦ ᠪᠤᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠲᠠᠰᠤᠷᠠᠯᠳᠡ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠨᠡᠩ ᠤᠯᠠᠨ ᠵᠠᠯᠠᠭᠤ ᠴᠢᠳᠠᠪᠤᠷᠢᠲᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ ᠲᠤ ᠣᠷᠣᠯᠴᠠᠵᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ ᠪᠣᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1