ᠵᠠᠩ ᠺᠧ ᠯᠢᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/2/20
     2 ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
     ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠶᠦᠩ ᠫᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠳ᠋ᠦ᠋ ᠬᠦᠶ ᠵᠥᠩ᠂ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠣᠨ ᠬᠢᠨᠠᠨ ᠪᠠᠶᠢᠴᠠᠭᠠᠬᠤ ᠺᠣᠮᠢᠰ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠵᠠᠩ ᠺᠧ ᠯᠢᠩ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠶᠡᠷᠦᠩᠬᠡᠢ ᠱᠦᠵᠢ  ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠨ ᠪᠠᠲᠤ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠶᠢᠰᠦ ᠶᠢ ᠠᠰᠢᠭᠯᠠᠬᠤ︾ᠦᠢᠯᠡᠳᠦᠯᠭᠡ ᠶᠢᠨ ᠱᠠᠭᠠᠷᠳᠠᠯᠭ᠎ᠠ ᠶᠢ ᠦᠨᠡᠨᠬᠦ ᠪᠣᠭᠤᠮᠲᠠ ᠰᠢᠪᠲᠤᠯᠤᠨ ᠬᠦᠴᠢᠷ ᠢ ᠲᠤᠭᠤᠯᠬᠤ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︽ᠢᠯᠵᠠᠷᠠᠯ ᠢ ᠡᠰᠡᠷᠭᠦᠴᠡᠬᠦ ᠪᠣᠯ ᠬᠠᠮᠤᠭ ᠤᠨ ᠲᠤᠶᠢᠯᠪᠤᠷᠢᠲᠠᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠳᠠᠯ ᠮᠥᠨ︾ ᠭᠡᠰᠡᠨ ᠴᠢᠬᠤᠯᠠ ᠨᠤᠲᠠᠯᠠᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ ᠬᠦᠨᠳᠦ ᠬᠡᠴᠡᠭᠦᠦ ᠪᠠᠶᠢᠬᠤ ᠶᠢ ᠢᠮᠠᠭᠲᠠ ᠰᠡᠷᠭᠡᠭ ᠢᠶᠠᠷ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠪᠠᠲᠤ ᠬᠦᠴᠦᠨ ᠢᠶᠠᠷ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ᠂ ᠤᠳᠠᠭᠠᠨ ᠳᠠᠭᠠᠭᠠᠮᠠᠭᠠᠢ ᠲᠠᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠪᠦᠬᠦ ᠲᠠᠯ᠎ᠠ  ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠪᠣᠯᠣᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠬᠠᠷᠭᠤᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠡᠭᠦᠷᠭᠡᠯᠡᠯ ᠢᠶᠠᠷ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠴᠢᠩᠭ᠎ᠠ ᠠᠳᠬᠤᠵᠤ᠂ ᠬᠡᠯᠪᠡᠷᠢᠴᠢ ᠦᠵᠡᠯ ᠢ ᠡᠷᠡᠰ ᠭᠤᠶᠢᠪᠢᠰᠢ ᠦᠭᠡᠢ ᠴᠡᠭᠴᠡᠯᠡᠨ ᠵᠠᠰᠠᠵᠤ᠂ ᠴᠢᠩᠭ᠎ᠠ ᠬᠢᠨᠠᠯᠲᠠ ᠲᠠᠯᠪᠢᠬᠤ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠴᠢᠩ ᠱᠦᠢ ᠾᠧ ᠰᠢᠶᠠᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠵᠢᠶᠠᠨ ᠴᠦᠨ ᠬᠤᠷᠠᠯ ᠡᠷᠭᠢᠯᠡᠬᠦ ᠳᠡᠭᠡᠨ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠦᠳᠲᠡᠷ ᠲᠦᠷᠭᠡᠨ ᠵᠣᠬᠢᠶᠠᠨ ᠪᠠᠶᠢᠭᠤᠯᠤᠨ ᠰᠤᠷᠤᠯᠴᠠᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠤᠤᠱᠯᠠᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠠ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠬᠢᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠭᠰᠠᠨ ᠰᠢᠨ᠎ᠡ ᠦᠷ᠎ᠡ ᠪᠦᠲᠦᠮᠵᠢ ᠪᠠᠷ ᠪᠦᠬᠦ ᠰᠢᠶᠠᠨ ᠤ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠺᠣᠮᠢᠰ ᠤᠨ ᠳᠡᠳ᠋ ᠡᠷᠬᠢᠯᠡᠭᠴᠢ ᠵᠠᠩ ᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠠᠵᠢᠯ ᠤᠨ ᠢᠯᠡᠳᠬᠡᠯ ᠬᠢᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1