ᠴᠢᠩ ᠱᠦᠢ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/21
     2 ᠳ᠋ᠤᠭᠠᠷ ᠰᠠᠷ᠎ᠠ ᠶᠢᠨ 19  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ 2024 ᠣᠨ ᠤ ᠠᠵᠢᠯ ᠤᠨ ᠰᠡᠳᠬᠢᠴᠡ ᠪᠣᠯᠣᠨ ᠭᠤᠣᠯᠳᠠᠯᠭ᠎ᠠ ᠲᠠᠢ ᠡᠭᠦᠷᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠠᠷ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠰᠡᠳᠬᠢᠴᠡ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠢᠭᠡᠳᠦᠭᠡᠷ ᠤᠯᠠᠷᠢᠯ ᠳᠤ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠠᠬᠢᠭᠤᠯᠬᠤ ᠬᠡᠷᠡᠭᠲᠡᠢ᠃ ᠭᠠᠷ ᠭᠦᠢᠴᠡᠳᠬᠡᠯ ᠭᠦᠢᠴᠡᠳᠬᠡᠬᠦ ᠶᠢ ᠴᠢᠩᠭᠠᠳᠬᠠᠵᠤ᠂︽ᠰᠠᠭᠠᠳ ᠦᠭᠡᠢ ᠨᠡᠪᠲᠡᠷᠡᠬᠦ ᠵᠠᠮ︾᠂︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾᠂︽ᠨᠡᠶᠢᠯᠡᠭᠦᠯᠦᠨ ᠬᠢᠨᠠᠨ ᠵᠥᠪᠰᠢᠶᠡᠷᠡᠬᠦ︾ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠡᠯᠡ ᠮᠥᠩᠭᠦᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠢ ᠪᠣᠯᠭᠠᠬᠤ ᠶᠢ ᠴᠢᠩᠭ᠎ᠠ ᠠᠩᠬᠠᠷᠴᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠤᠷᠢᠳᠴᠢᠯᠠᠨ ︽ᠳᠡᠰᠯᠡᠬᠦ ᠬᠡᠪᠴᠢᠶ᠎ᠡ︾ ᠶᠢᠨ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠤᠨ ᠭᠤᠣᠯᠳᠠᠯᠭ᠎ᠠ ᠲᠠᠢ ᠬᠢᠨᠠᠨ ᠬᠡᠮᠵᠢᠵᠦ᠂ ᠨᠢᠭᠡᠳᠦᠯᠲᠡᠢ ᠪᠠᠶᠢᠯᠭᠠᠬᠤ ᠶᠣᠰᠣᠲᠠᠢ ᠶᠢ ᠨᠢ ᠪᠦᠬᠦᠨ ᠢ ᠨᠢᠭᠡᠳᠦᠯᠲᠡᠢ ᠪᠠᠶᠢᠯᠭᠠᠵᠤ᠂ ᠮᠥᠬᠦᠯᠢᠭ ᠢ ᠨᠢ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠬᠤ ᠭᠡᠵᠦ ᠪᠠᠶᠢᠭ᠎ᠠ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠲᠣᠳᠣᠷᠬᠠᠢ ᠪᠣᠯᠭᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠲᠠᠢ ᠤᠷᠢᠳᠴᠢᠯᠠᠨ ᠵᠣᠯᠭᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠠᠯᠲᠠ ᠲᠠᠢ ᠪᠠᠷ ᠰᠤᠮᠤ ᠬᠠᠷᠪᠤᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1