ᠵᠢᠦ ᠼᠠᠢ ᠵᠤᠸᠠᠩ ᠰᠢᠶᠠᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠄ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠠᠮᠲᠤ ᠪᠠᠷ ᠤᠬᠠᠭᠤᠯᠵᠤ᠂ ᠬᠠᠪᠰᠤᠷᠤᠨ ᠡᠷᠭᠢᠯᠡᠵᠦ ᠣᠷᠣᠯᠠᠨ ᠡᠷᠭᠢᠯᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/2/22
     ᠵᠢᠦ ᠼᠠᠢ ᠵᠤᠸᠠᠩ ᠰᠢᠶᠠᠩ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ︽ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠴᠣᠩᠬᠤ ᠶᠢ ᠪᠠᠶᠢᠭᠤᠯᠤᠭᠰᠠᠨ ᠠᠴᠠ ᠨᠠᠰᠢ᠂ ︽ᠦᠢᠯᠡᠴᠢᠯᠡᠬᠦ ᠳᠤ ᠬᠢᠵᠠᠭᠠᠷ ᠦᠭᠡᠢ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢᠨ ᠲᠥᠯᠥᠭᠡ︾ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ︽ᠣᠯᠠᠨ ᠲᠠᠯ᠎ᠠ ᠠᠴᠠ ᠭᠦᠶᠦᠬᠦ᠂ ᠨᠠᠰᠢ ᠴᠠᠰᠢ ᠭᠦᠶᠦᠬᠦ᠂ ᠣᠯᠠᠨ ᠤᠳᠠᠭ᠎ᠠ ᠭᠦᠶᠦᠬᠦ︾ ᠵᠡᠷᠭᠡ ᠠᠰᠠᠭᠤᠳᠠᠯ ᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠡᠭᠦᠨ ᠤ ᠵᠡᠷᠭᠡ ᠳᠤ ︽ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠵᠦ᠂ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠣᠯᠠᠨ ᠣᠶᠢᠯᠠᠭᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃
     1 ᠳ᠋ᠦ᠋ᠭᠡᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ︽ᠬᠠᠪᠰᠤᠷᠤᠨ ᠡᠷᠭᠢᠯᠡᠵᠦ ᠣᠷᠣᠯᠠᠨ ᠭᠦᠢᠴᠡᠳᠬᠡᠬᠦ︾ ᠰᠠᠶᠢᠨ ᠳᠤᠷ᠎ᠠ ᠶᠢᠨ ᠠᠵᠢᠯᠯᠠᠭᠴᠢᠳ ᠡᠷᠬᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ ᠪᠠ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ ᠬᠦᠷᠴᠦ᠂ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠠᠭᠠᠭᠤᠯᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠪᠤᠳᠤᠬᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ᠂ ᠬᠤᠶᠠᠳᠠᠭᠢ ᠬᠡᠦᠬᠡᠳ ᠤᠨ ᠱᠠᠩᠨᠠᠬᠤ ᠲᠥᠷᠥ ᠶᠢᠨ ᠪᠣᠳᠣᠯᠭ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠦᠢᠴᠡᠳᠬᠡᠬᠦ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠢᠯᠡᠴᠢᠯᠡᠭᠡ ᠵᠡᠷᠭᠡ ᠠᠯᠢ ᠣᠯᠠᠨ ᠡᠷᠦᠬᠡ ᠳᠤ ᠣᠷᠣᠵᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠭᠠᠷ ᠳᠡᠪᠲᠡᠷ ᠢ ᠲᠠᠷᠬᠠᠭᠠᠬᠤ ᠪᠠᠷ ᠳᠠᠮᠵᠢᠭᠤᠯᠤᠨ᠂ ᠨᠢᠭᠤᠷᠲᠠᠨ ᠰᠣᠯᠢᠯᠴᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠯᠢᠴᠡᠩᠭᠦᠢ ᠪᠠᠷ ᠬᠠᠷᠢᠭᠤᠯᠵᠤ᠂ ᠬᠡᠷᠡᠭᠴᠡᠭᠡ ᠲᠠᠢ ᠣᠯᠠᠨ ᠲᠦᠮᠡᠨ ᠳᠤ ᠬᠠᠯᠠᠭᠤᠨ ᠳᠣᠲᠣᠨᠣ ᠦᠢᠯᠡᠴᠢᠯᠡᠭᠡ ᠬᠠᠩᠭᠠᠪᠠ᠃
     ᠡᠷᠦᠬᠡ ᠳᠤ ᠬᠦᠷᠴᠦ ᠤᠬᠠᠭᠤᠯᠬᠤ ᠬᠤᠭᠤᠴᠠᠭᠠᠨ ᠳᠤ ᠬᠠᠪᠰᠤᠷᠤᠨ ᠬᠢᠵᠦ ᠣᠷᠣᠯᠠᠨ ᠭᠦᠢᠴᠡᠳᠬᠡᠬᠦ ᠦᠢᠯᠡᠴᠢᠯᠡᠭᠡ ᠥᠷᠨᠢᠭᠦᠯᠵᠦ᠂ ᠣᠯᠠᠨ ᠲᠦᠮᠡᠨ ᠤ ᠳᠤᠮᠳᠠ ᠦᠨᠡᠨ ᠬᠦ ᠬᠦᠷᠴᠦ᠂ ᠬᠠᠷᠢᠶ᠎ᠠ ᠣᠷᠣᠨ ᠤ ᠨᠠᠰᠤᠲᠠᠶᠢᠴᠤᠳ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠷᠣᠰᠢᠨ ᠲᠣᠭᠲᠠᠨᠢᠬᠤ ᠭᠡᠷᠡᠴᠢᠯᠡᠯ ᠂ ᠥᠨᠳᠥᠷ ᠨᠠᠰᠤᠨ ᠤ ᠨᠡᠮᠡᠭᠦᠷᠢ ᠶᠢᠨ ᠤᠯᠠᠷᠢᠯ ᠤᠨ ᠭᠡᠷᠡᠴᠢᠯᠡᠯ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷᠡᠴᠢᠯᠡᠯ ᠢ ᠪᠡᠶᠡᠯᠡᠭᠦᠯᠬᠦ ᠶᠢᠨ ᠬᠠᠮᠲᠤ ᠪᠠᠰᠠ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ᠂ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠠᠮᠢᠯᠠᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠵᠡᠷᠭᠡ ᠡᠯ᠎ᠡ ᠲᠥᠷᠥᠯ ᠤᠨ ᠭᠡᠷᠡᠴᠢᠯᠡᠯ ᠳᠠᠩᠰᠠᠯᠠᠯᠲᠠ ᠶᠢᠨ ᠦᠢᠯᠡᠴᠢᠯᠡᠭᠡ ᠲᠤᠰᠢᠶᠠᠵᠤ᠂ ᠬᠠᠷᠢᠶ᠎ᠠ ᠣᠷᠣᠨ ᠤ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠴᠥᠮ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢ ᠦᠨᠡᠨ ᠬᠦ ᠪᠠᠲᠤᠯᠠᠪᠠ᠃ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠬᠠᠪᠰᠤᠷᠤᠨ ᠡᠷᠭᠢᠯᠡᠵᠦ ᠣᠷᠣᠯᠠᠨ ᠭᠦᠢᠴᠡᠳᠭᠡᠭᠴᠢ ᠶᠢᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠨᠠᠰᠤᠲᠠᠶᠢᠴᠤᠳ ᠤᠨ ᠳᠡᠷᠭᠡᠳᠡ ᠬᠦᠷᠭᠡᠵᠦ᠂ ᠨᠠᠰᠤᠲᠠᠶᠢᠴᠤᠳ ᠪᠠ ᠭᠡᠷ ᠪᠦᠯᠢ ᠶᠢᠨ ᠬᠢᠨ ᠤ ᠳᠠᠷᠤᠭᠠᠰᠤ ᠶᠢ ᠬᠥᠩᠭᠡᠯᠡᠵᠦ᠂ ᠨᠠᠰᠤᠲᠠᠶᠢᠴᠤᠳ ᠢ ᠭᠡᠷ ᠠᠴᠠ ᠪᠠᠨ ᠭᠠᠷᠬᠤ ᠦᠭᠡᠢ ᠮᠥᠷᠲᠡᠭᠡᠨ ᠲᠥᠬᠦᠮ ᠪᠥᠭᠡᠳ ᠴᠠᠭ ᠲᠤᠬᠠᠢ ᠳᠤᠨᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢ ᠪᠡᠶᠡᠯᠡᠭᠦᠯᠬᠦ ᠶᠢᠨ ᠬᠠᠮᠲᠤ ᠠᠵᠢᠯᠲᠠᠳ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ ᠡᠳ᠋ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠬᠤᠳᠠᠯᠳᠤᠨ ᠠᠪᠴᠤ ᠥᠭᠭᠦᠭᠰᠡᠨ ᠢᠶᠠᠷ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
     ᠳᠠᠷᠠᠭᠠᠴᠢ ᠶᠢᠨ ᠠᠯᠬᠤᠮ ᠳᠤ᠂ ᠵᠢᠦ ᠼᠠᠢ ᠵᠤᠸᠠᠩ ᠰᠢᠶᠠᠩ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠨ ᠬᠠᠪᠰᠤᠷᠤᠨ ᠡᠷᠬᠢᠯᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠳᠦᠷᠢᠮ ᠢ ᠦᠷᠭᠦᠯᠵᠢᠯᠡᠨ ᠬᠡᠷᠡᠭᠵᠢᠭᠦᠯᠦᠨ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠴᠢᠯᠠᠨ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠤᠯᠠᠨ ᠲᠦᠮᠡᠨ ᠤ ᠥᠪᠡᠷᠮᠢᠴᠡ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠢᠯᠡᠴᠢᠯᠡᠬᠦ᠂ ᠤᠨᠢᠨ ᠳᠡᠭᠡᠷ᠎ᠡ ᠨᠢ ᠦᠢᠯᠡᠴᠢᠯᠡᠬᠦ᠂ ᠥᠨᠳᠥᠷ ᠪᠦᠲᠦᠮᠵᠢᠲᠡᠢ ᠦᠢᠯᠡᠴᠢᠯᠡᠬᠦ ᠶᠢ ᠠᠵᠢᠯ ᠤᠨ ᠬᠡᠪ ᠤᠨ ᠪᠠᠶᠢᠳᠠᠯ ᠪᠣᠯᠭᠠᠵᠤ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1