ᠡᠨᠡ ᠵᠢᠯ ᠠᠴᠠ ᠨᠠᠰᠢ᠂ ᠪᠥᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ | ᠲᠦᠯᠬᠢᠨ ᠠᠬᠢᠭᠤᠯᠪᠠ᠃ 1 ︱ 11 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ | ᠰᠠᠶᠢᠵᠢᠷᠠᠬᠤ ᠶᠢ ᠵᠣᠭᠰᠣᠭᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 118% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠲᠣᠭᠲᠠᠭᠤᠨ ᠤ ᠳᠤᠮᠳᠠ ᠰᠠᠶᠢᠵᠢᠷᠠᠵᠤ᠂ ᠠᠳᠠᠯᠢ ᠬᠤᠭᠤᠴᠠᠭᠠᠨ ᠤ ᠬᠢ ᠠᠴᠠ 78.1% ᠢᠶᠠᠷ | ᠨᠡᠮᠡᠭᠳᠡᠪᠡ︔ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠪᠡ᠃ | ᠲᠠᠷᠠᠭᠠᠴᠢ ᠶᠢᠨ ᠱᠠᠲᠤᠨ ᠳᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠪᠦᠬᠦ | ᠵᠢᠯ ᠤᠨ ᠭᠤᠣᠯ ᠬᠠᠷᠠᠯᠲᠠ ᠪᠠᠨ ᠲᠣᠭᠲᠠᠭᠠᠵᠤ᠂︽ᠳᠥᠷᠪᠡᠳᠦᠭᠡᠷ ᠤᠯᠠᠷᠢᠯ︾ ᠤᠨ ᠴᠣᠩᠬᠤᠨ ᠤ ᠬᠤᠭᠤᠴᠠᠭᠠᠨ ᠳᠤ | ᠠᠰᠢᠭᠲᠠᠢ ᠪᠠᠶᠢᠳᠠᠯ ᠢ ᠠᠮᠵᠢᠨ ᠨᠡᠬᠡᠵᠦ᠂ ᠬᠠᠮᠤᠭ ᠤᠨ ᠰᠠᠶᠢᠨ ᠦᠷ᠎ᠡ ᠳ᠋ᠦᠩ ᠢ ᠪᠡᠶᠡᠯᠡᠭᠦᠯᠬᠦ ᠪᠠᠷ ᠴᠢᠷᠮᠠᠶᠢᠪᠠ᠃ | 1.ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ | 1—11 ᠳ᠋ᠦ᠋ᠭᠡᠷ ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 74.4% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 118% ᠪᠠᠷ ᠨᠡᠮᠡᠭᠳᠡᠵᠡᠢ᠃ | 1—11 ᠳ᠋ᠦ᠋ᠭᠡᠷ ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | 9 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ ᠠᠴᠠ 8 ᠠᠵᠢᠯ ᠲᠥᠷᠥᠯ ᠨᠢ ᠡᠶᠡᠷᠭᠦ ᠨᠡᠮᠡᠭᠳᠡᠯ ᠢ | ᠪᠡᠶᠡᠯᠡᠭᠦᠯᠪᠡ᠃ ᠨᠡᠭᠦᠷᠡᠰᠦ ᠮᠠᠯᠲᠠᠬᠤ ᠪᠠ ᠰᠢᠯᠢᠬᠦ ᠦᠢᠯᠡᠰ ᠠᠳᠠᠯᠢ ᠬᠤᠭᠤᠴᠠᠭᠠᠨ ᠤ ᠬᠢ ᠠᠴᠠ 504.5% ᠢᠶᠠᠷ | ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠬᠦᠳᠡᠷ ᠰᠢᠯᠢᠬᠦ ᠦᠢᠯᠡᠰ ᠠᠳᠠᠯᠢ ᠬᠤᠭᠤᠴᠠᠭᠠᠨ ᠤ ᠬᠢ ᠠᠴᠠ 2. | 7% ᠢᠶᠠᠷ ᠨᠡᠮᠡᠭᠳᠡᠪᠡ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠠᠵᠤ | ᠦᠢᠯᠡᠰ ᠠᠳᠠᠯᠢ ᠬᠤᠭᠤᠴᠠᠭᠠᠨ ᠤ ᠬᠢ ᠠᠴᠠ 108.4% ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ | ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 110.1% ᠪᠠᠷ ᠨᠡᠮᠡᠭᠳᠡᠪᠡ︔ | ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 5.9% ᠪᠠᠷ | ᠨᠡᠮᠡᠭᠳᠡᠪᠡ︔ ᠬᠠᠷ᠎ᠠ ᠲᠡᠮᠦᠷᠯᠢᠭ ᠢ ᠪᠣᠯᠪᠠᠰᠤᠷᠠᠭᠤᠯᠤᠨ ᠪᠣᠯᠪᠠᠰᠤᠷᠠᠭᠤᠯᠬᠤ ᠦᠢᠯᠡᠰ ᠠᠳᠠᠯᠢ ᠬᠤᠭᠤᠴᠠᠭᠠᠨ ᠤ | ᠬᠢ ᠠᠴᠠ 41.1% ᠢᠶᠠᠷ ᠨᠡᠮᠡᠭᠳᠡᠪᠡ︔ ᠥᠩᠭᠡᠲᠦ ᠲᠡᠮᠦᠷᠯᠢᠭ ᠪᠣᠯᠪᠠᠰᠤᠷᠠᠭᠤᠯᠵᠤ ᠡᠳ᠋ᠰᠢᠭᠦᠯᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 33.4% ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 31.1% ᠪᠠᠷ ᠨᠡᠮᠡᠭᠳᠡᠪᠡ︔ | ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 130. | 3% ᠪᠠᠷ ᠨᠡᠮᠡᠭᠳᠡᠪᠡ᠃ ︵ᠬᠥᠬᠡᠬᠤᠲᠠ ᠶᠢᠨ ᠰᠢᠦᠢ ᠶᠠᠩ ᠵᠥᠩ ᠷᠠᠨ ᠡᠨᠧᠷᠭᠢ ᠶᠢᠨ ᠬᠢᠵᠠᠭᠠᠷᠲᠤ ᠺᠣᠮᠫᠠᠨᠢ ᠨᠢ | ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠰᠢᠲᠠᠭᠠᠯᠭ᠎ᠠ ᠶᠢᠨ ᠠᠵᠤ ᠦᠢᠯᠡᠰ ᠪᠣᠯᠣᠨ ᠬᠢᠮᠢ ᠶᠢᠨ ᠲᠦᠭᠦᠬᠡᠢ | ᠮᠠᠲ᠋ᠧᠷᠢᠶᠠᠯ ᠪᠣᠯᠣᠨ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠵᠡᠷᠭᠡ ᠬᠤᠶᠠᠷ ᠶᠡᠭᠡ ᠠᠵᠢᠯ ᠲᠥᠷᠥᠯ ᠳᠤ | ᠬᠤᠯᠪᠣᠭᠳᠠᠵᠤ᠂ ᠥᠪᠥᠷ ᠮᠣᠩᠭᠤᠯ ᠤᠨ ᠶᠦᠨ ᠱᠧᠩ ᠮᠠᠭᠨᠢ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠨᠢ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠡᠳ᠋ᠰᠢᠭᠦᠯᠬᠦ ᠦᠢᠯᠡᠰ ᠪᠣᠯᠣᠨ | ᠥᠩᠭᠡᠲᠦ ᠲᠡᠮᠦᠷᠯᠢᠭ ᠪᠣᠯᠪᠠᠰᠤᠷᠠᠭᠤᠯᠵᠤ ᠡᠳ᠋ᠰᠢᠭᠦᠯᠬᠦ ᠦᠢᠯᠡᠰ ᠭᠡᠬᠦ ᠬᠤᠶᠠᠷ ᠶᠡᠭᠡ ᠠᠵᠢᠯ ᠲᠥᠷᠥᠯ ᠳᠤ | ᠬᠤᠯᠪᠣᠭᠳᠠᠵᠤ᠂ ᠡᠭᠦᠨ ᠠᠴᠠ ᠪᠤᠰᠤᠳ ᠺᠣᠮᠫᠠᠨᠢ ᠨᠢ ᠴᠥᠮ ᠨᠢᠭᠡ ᠯᠡ ᠲᠣᠮᠣ ᠠᠵᠢᠯ ᠲᠥᠷᠥᠯ ᠳᠤ ᠬᠤᠯᠪᠣᠭᠳᠠᠨ᠎ᠠ᠃ | ︶ | 2. ᠲᠣᠭᠲᠠᠮᠠᠯ ᠬᠦ᠋ᠷᠦᠩᠬ᠋ᠡ ᠶᠢᠨ ᠪᠡᠯᠡ ᠣᠷᠣᠭᠤᠯᠤᠯᠲᠠ | 1—11 ᠳ᠋ᠦ᠋ᠭᠡᠷ ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 78.1% ᠪᠠᠷ ᠨᠡᠮᠡᠭᠳᠡᠪᠡ᠃ | ᠪᠡᠯᠡ ᠣᠷᠣᠭᠤᠯᠤᠯᠲᠠ ᠶᠢᠨ ᠬᠦᠷᠢᠶ᠎ᠡ ᠠᠴᠠ ᠦᠵᠡᠪᠡᠯ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 57.3% ᠨᠡᠮᠡᠭᠳᠡᠪᠡ︔ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠪᠡᠯᠡ ᠣᠷᠣᠭᠤᠯᠤᠯᠲᠠ ᠶᠢᠨ ᠭᠤᠣᠯ ᠴᠣᠭᠴᠠ | ᠠᠴᠠ ᠦᠵᠡᠪᠡᠯ᠂ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 30.6% ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 90.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠪᠡ᠃ | 3. ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ | 1—11 ᠳ᠋ᠦ᠋ᠭᠡᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ 7.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ | ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 16.76% ᠨᠡᠮᠡᠭᠳᠡᠵᠡᠢ︔ | ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ | ᠬᠤᠭᠤᠴᠠᠭᠠᠨ ᠤ ᠬᠢ ᠠᠴᠠ 16.76% ᠪᠠᠷ ᠨᠡᠮᠡᠭᠳᠡᠪᠡ᠃ |