ᠬᠥᠬᠡᠬᠤᠲᠠ ᠪᠤᠭᠤᠲᠤ ᠬᠤᠶᠠᠷ ᠭᠠᠵᠠᠷ ︽ᠨᠢᠭᠡ ᠬᠤᠲᠠᠴᠢᠯᠠᠬᠤ︾ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠰᠦᠪᠡᠭᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/2/27
     ︵ᠰᠤᠷᠪᠤᠯᠵᠢᠯᠠᠭᠴᠢ ᠯᠢᠦ ᠯᠢ ᠰᠢᠶᠠ︶ 2 ᠳ᠋ᠤᠭᠠᠷ ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠪᠤᠭᠤᠲᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ︽ᠬᠥᠬᠡᠬᠤᠲᠠ ᠪᠤᠭᠤᠲᠤ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠤᠨ ᠨᠢᠭᠡ ᠬᠤᠲᠠᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠨᠢᠭᠲᠠ ᠬᠡᠯᠪᠡᠷᠢ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ︵ᠳᠣᠷᠣᠭᠰᠢ ︽ᠵᠥᠪᠯᠡᠯᠴᠡᠭᠡᠷ︾ ᠭᠡᠵᠦ ᠲᠣᠪᠴᠢᠯᠠᠨ᠎ᠠ︶ ᠲᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠨᠡᠶᠢᠳᠬᠡᠵᠦ ᠬᠠᠮᠲᠤᠪᠠᠷ ᠬᠡᠷᠡᠭᠯᠡᠬᠦ ᠶᠢ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠬᠤᠶᠠᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠠᠮᠵᠢᠯᠴᠠᠨ  ᠪᠠᠶᠢᠭᠤᠯᠵᠠᠢ᠃      ᠲᠤᠰ ︽ᠵᠥᠪᠯᠡᠯᠴᠡᠭᠡᠷ︾ ᠲᠤ ᠲᠣᠳᠣᠷᠬᠠᠢ ᠲᠣᠭᠲᠠᠭᠠᠭᠰᠠᠨ ᠨᠢ᠂ ᠬᠥᠬᠡᠬᠤᠲᠠ ᠪᠤᠭᠤᠲᠤ ᠬᠤᠶᠠᠷ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠤ ᠨᠢᠭᠡᠳᠦᠯᠲᠡᠢ ᠠᠷᠠᠯᠵᠢᠶᠠᠨ ᠤ ᠳᠦᠷᠢᠮ ᠲᠣᠭᠲᠠᠭᠠᠯ᠂ ᠬᠠᠮᠵᠢᠯᠴᠠᠨ ᠠᠷᠠᠯᠵᠢᠶᠠᠯᠠᠬᠤ ᠬᠢᠨᠠᠨ ᠬᠠᠮᠢᠶᠠᠷᠤᠯᠲᠠ ᠶᠢᠨ ᠰᠢᠰᠲ᠋ᠧᠮ᠂ ᠠᠯᠤᠰ   ᠠᠴᠠ ᠳᠠᠭᠠᠭᠠᠴᠢᠯᠠᠯᠲᠠ ᠦᠨᠡᠯᠡᠬᠦ ᠬᠠᠮᠲᠤᠷᠠᠯᠴᠠᠭᠠᠨ ᠤ ᠡᠷᠴᠢᠮ ᠢ ᠴᠢᠩᠭᠠᠷᠠᠭᠤᠯᠬᠤ᠂ ᠲᠠᠪᠴᠠᠩ ᠤᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ᠂ ᠠᠵᠢᠯ ᠤᠨ ᠲᠤᠷᠰᠢᠯᠭ᠎ᠠ ᠪᠠᠨ ᠰᠣᠯᠢᠯᠴᠠᠬᠤ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠪᠠᠷ ᠨᠢᠭᠲᠠ ᠬᠠᠮᠲᠤᠷᠠᠯᠴᠠᠭ᠎ᠠ ᠥᠷᠨᠢᠭᠦᠯᠦᠨ᠎ᠡ᠃ ᠬᠤᠶᠠᠷ ᠭᠠᠵᠠᠷ ᠤᠨ ᠨᠢᠭᠡ ᠬᠤᠲᠠᠴᠢᠯᠠᠨ ᠴᠣᠭᠴᠠᠵᠢᠭᠤᠯᠤᠭᠰᠠᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠬᠤᠶᠠᠷ ᠬᠤᠳᠠ ᠶᠢᠨ ᠲᠤᠭ᠎ᠠ ᠪᠠᠷᠢᠮᠲᠠ ᠶᠢ ᠭᠦᠢᠴᠡᠳ ᠬᠠᠮᠲᠤᠪᠠᠷ ᠡᠳ᠋ᠯᠡᠵᠦ᠂ ᠲᠠᠪᠴᠠᠩ ᠢ ᠵᠠᠪᠰᠠᠷ ᠦᠭᠡᠢ ᠵᠣᠯᠭᠠᠭᠤᠯᠵᠤ᠂ ᠰᠢᠰᠲ᠋ᠧᠮ ᠢ ᠨᠢᠭᠡᠳᠦᠯᠲᠡᠢ ᠬᠠᠮᠲᠤᠪᠠᠷ ᠬᠡᠷᠡᠭᠯᠡᠵᠦ᠂ ᠲᠤᠬᠠᠶᠢᠯᠠᠭᠰᠠᠨ ᠠᠵᠢᠯ ᠪᠣᠯᠣᠨ ᠬᠤᠯᠪᠤᠭᠠᠯᠠᠨ ᠬᠥᠳᠡᠯᠦᠯᠴᠡᠬᠦ ᠶᠢ ᠤᠶᠠᠯᠳᠤᠭᠤᠯᠵᠤ᠂ ᠨᠢᠭᠡ ᠬᠤᠲᠠᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠳᠠᠯᠢ ᠳᠠᠪᠲᠠᠮᠵᠢ ᠪᠠᠷ ᠠᠬᠢᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1