ᠴᠢᠩ ᠱᠦᠢ ᠾᠧ ᠰᠢᠶᠠᠨ᠄ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ︽ᠵᠢᠷᠭᠤᠭᠠᠨ ᠢᠨᠵᠧᠨᠧᠷᠢᠩ︾  ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/2/27
     ︽ᠬᠤᠶᠠᠷ ᠶᠡᠭᠡ ᠶᠠᠪᠤᠳᠠᠯ ᠪᠣᠯ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠳᠠᠭᠠᠭᠠᠯᠭᠠᠭᠰᠠᠨ ᠴᠢᠬᠤᠯᠠ ᠡᠭᠦᠷᠭᠡ ᠮᠥᠨ᠂︿ᠵᠢᠷᠭᠤᠭᠠᠨ ᠢᠨᠵᠧᠨᠧᠷᠢᠩ﹀ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠯᠦ ᠭᠤᠲᠤᠭᠠᠬᠤ ᠴᠢᠬᠤᠯᠠ ᠶᠡᠭᠡ ᠪᠠᠶᠢᠷᠢᠯᠠᠭᠤᠯᠤᠯᠲᠠ᠂ ᠬᠥᠭᠵᠢᠯᠲᠡ ᠶᠢᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠤᠯᠤᠰ ᠲᠦᠷᠦ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠡᠨᠡ ᠨᠢ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠲᠤᠯᠭᠠᠭᠤᠷᠢᠯᠠᠬᠤ ᠴᠢᠨᠠᠷᠲᠠᠢ᠂ ᠳᠠᠶᠢᠴᠢᠯᠠᠬᠤ ᠴᠢᠨᠠᠷᠲᠠᠢ ᠦᠢᠯᠡᠳᠦᠯ ᠲᠠᠢ ᠶᠤᠮ︾᠃ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠄︽ᠴᠢᠩ ᠱᠦᠢ ᠾᠧ ᠰᠢᠶᠠᠨ ᠤ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︿ᠵᠢᠷᠭᠤᠭᠠᠨ ᠢᠨᠵᠧᠨᠧᠷᠢᠩ﹀ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠤᠨ᠎ᠠ︾ᠭᠡᠵᠦ ᠬᠡᠯᠡᠪᠡ᠃      ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠬᠡᠷᠬᠢᠨ ᠭᠦᠨᠵᠡᠭᠡᠢ ᠠᠬᠢᠭᠤᠯᠬᠤ ᠲᠤᠬᠠᠢ ᠵᠠᠩ ᠺᠧ ᠯᠢᠩ ᠢᠯᠡᠷᠬᠡᠶᠢᠯᠡᠬᠦ ᠳᠡᠭᠡᠨ᠂ ᠨᠢᠭᠡ ᠳᠤ ︽ᠵᠢᠷᠭᠤᠭᠠᠨ ᠢᠨᠵᠧᠨᠧᠷᠢᠩ︾ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠭᠤᠣᠯᠳᠠᠯᠭ᠎ᠠ ᠶᠢ ᠲᠣᠪᠤᠶᠢᠯᠭᠠᠨ ᠨᠠᠶᠢᠳᠠᠪᠤᠷᠢᠵᠢᠭᠤᠯᠤᠨ᠎ᠠ᠃ ︽ᠵᠢᠷᠭᠤᠭᠠᠨ ᠢᠨᠵᠧᠨᠧᠷᠢᠩ︾ ᠤᠨ ᠴᠢᠩ ᠱᠦᠢ ᠾᠧ ᠰᠢᠶᠠᠨ ᠳᠠᠬᠢ ᠦᠢᠯᠡᠳᠦᠯᠭᠡ ᠶᠢᠨ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠷᠠᠲᠠᠯ᠎ᠠ ᠣᠶᠢᠯᠠᠭᠠᠨ ᠡᠵᠡᠮᠰᠢᠵᠦ᠂ ︽ᠵᠢᠷᠭᠤᠭᠠᠨ ᠢᠨᠵᠧᠨᠧᠷᠢᠩ︾ ᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠵᠢᠱᠢᠶᠡᠯᠡᠪᠡᠯ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠠᠯ᠎ᠠ ᠪᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠭᠤᠷᠪᠠᠨ ᠤᠮᠠᠷᠠᠲᠤ︾ ᠢᠨᠵᠧᠨᠧᠷᠢᠩ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠣᠳᠣᠷᠬᠠᠢ ᠬᠠᠭᠤᠳᠠᠰᠤ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠥᠯ ᠵᠦᠢᠯ᠂ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠪᠠᠶᠢᠭᠰᠠᠨ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃      ᠬᠤᠶᠠᠷ ᠲᠤ᠂ ᠪᠠᠴᠢᠮ ᠶᠠᠭᠠᠷᠠᠯᠲᠠᠢ ᠠᠵᠢᠯᠯᠠᠵᠤ᠂ ᠲᠦᠷᠭᠡᠨ ᠠᠵᠢᠯᠯᠠᠵᠤ ︽ᠵᠢᠷᠭᠤᠭᠠᠨ ᠢᠨᠵᠧᠨᠧᠷᠢᠩ︾  ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ︽ᠬᠦᠷᠢᠶᠡᠯᠡᠩ ᠲᠣᠭᠤᠷᠢᠭ ᠤᠨ ᠫᠠᠶᠢᠰᠠ︾᠂ ︽ᠠᠮᠢ ᠠᠬᠤᠢ ᠶᠢᠨ ᠫᠠᠶᠢᠰᠠ︾᠂ ︽ᠰᠣᠶᠣᠯ ᠤᠨ ᠵᠢᠭᠤᠯᠴᠢᠯᠠᠯ ᠤᠨ ᠫᠠᠶᠢᠰᠠ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠣᠶᠣᠯ ᠤᠨ ᠵᠢᠭᠤᠯᠴᠢᠯᠠᠯ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ︽ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ︾ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ︽ᠪᠥᠭᠡᠮᠨᠡᠷᠡᠨ ᠪᠦᠯᠦᠭᠯᠡᠵᠦ᠂ ᠪᠥᠭᠡᠮᠨᠡᠷᠡᠨ ᠨᠡᠶᠢᠯᠡᠬᠦ︾ ᠬᠥᠭᠵᠢᠯᠲᠡ ᠶᠢ ᠲᠦᠷᠭᠡᠳᠬᠡᠨ ᠪᠡᠶᠡᠯᠡᠭᠦᠯᠦᠨ᠎ᠡ᠃ ᠵᠢᠱᠢᠶᠡᠯᠡᠪᠡᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠠᠭᠤᠯᠠ ᠤᠰᠤ ᠤᠢ ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ᠂︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠵᠢᠱᠢᠶᠡᠯᠡᠪᠡᠯ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠤᠷᠰᠢᠯᠲᠠ ᠶᠢᠨ ᠰᠠᠭᠤᠷᠢᠨ ᠭᠠᠵᠠᠷ ᠢ ᠲᠥᠯᠥᠪᠵᠢᠭᠦᠯᠦᠨ ᠰᠢᠦᠢ ᠶᠠᠩ ᠪᠦᠯᠦᠭᠯᠡᠯ ᠤᠨ ᠰᠤᠳᠤᠯᠤᠨ ᠨᠡᠭᠡᠭᠡᠬᠦ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ  ᠯᠤᠭ᠎ᠠ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠦ᠋ ᠴᠢᠶᠠᠩ ᠠᠺᠠᠳᠧᠮᠢᠴᠢ ᠶᠢᠨ ᠴᠢᠩ ᠱᠦᠢ ᠾᠧ ᠡᠬᠢ ᠪᠠᠶᠠᠯᠢᠭ ᠢ ᠪᠣᠬᠢᠷᠲᠤᠯ ᠦᠭᠡᠢ ᠨᠡᠭᠡᠭᠡᠨ ᠬᠥᠭᠵᠢᠭᠦᠯᠬᠦ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ︾ ︽ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ · ᠰᠢᠦᠢ ᠶᠠᠩ ᠵᠥᠩ ᠰᠢᠲᠠᠯᠲᠠ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠢᠨᠵᠧᠨᠧᠷᠢᠩ ᠤᠨ ᠰᠤᠳᠤᠯᠭᠠᠨ ᠤ ᠲᠥᠪ︾ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠬᠦ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠵᠢᠱᠢᠶᠡᠯᠡᠪᠡᠯ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠬᠤᠩ ᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠱᠢ ᠴᠢ ᠭᠧᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠪᠠᠷ ᠬᠦᠢᠰᠦ ᠪᠣᠯᠭᠠᠵᠤ᠂ ᠴᠧᠩ ᠭᠤᠸᠠᠨ ᠪᠠᠯᠭᠠᠰᠤ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠥᠪ᠂ ᠯᠠᠮᠠ ᠶᠢᠨ ᠲᠣᠬᠤᠢ ᠶᠢᠨ ᠯᠦ ᠭᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠱᠢ ᠴᠢ ᠭᠧᠦ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠵᠠᠰᠠᠮᠠᠯ ᠵᠠᠮ ︱ ᠲᠡᠮᠦᠷ ᠵᠠᠮ ︱ ᠲᠡᠯᠡᠶ ᠶᠢᠨ ᠵᠠᠮ︾ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠶᠢ ᠪᠡᠶᠡᠯᠡᠭᠦᠯᠵᠦ᠂ ᠴᠢᠩ ᠱᠦᠢ ᠾᠧ ᠰᠢᠶᠠᠨ ᠤ ᠬᠤᠲᠠ ᠪᠠᠷ ᠲᠥᠪ ᠪᠣᠯᠭᠠᠭᠰᠠᠨ᠂ ᠪᠥᠬᠦ ᠣᠷᠣᠨ ᠪᠦᠰᠡ ᠶᠢ ᠬᠠᠮᠤᠷᠤᠭᠰᠠᠨ᠂ ᠪᠥᠬᠦ ᠤᠯᠤᠰ ᠲᠤ ᠨᠡᠪᠲᠡᠷᠡᠭᠰᠡᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠶᠡᠭᠡ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃      ᠭᠤᠷᠪᠠ ᠳᠤ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠪᠤᠰᠢᠭᠤ ᠱᠠᠯᠠᠮᠠᠭᠠᠢ ᠪᠠᠷ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠤᠨ᠎ᠠ᠃ ︽ᠵᠢᠷᠭᠤᠭᠠᠨ ᠢᠨᠵᠧᠨᠧᠷᠢᠩ︾ ᠤᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠠᠷᠠᠯᠲᠠ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠬᠥᠮᠥᠨ ᠳᠤᠨᠢ ᠬᠦᠷᠲᠡᠯ᠎ᠡ ᠨᠠᠶᠢᠳᠠᠪᠤᠷᠢᠵᠢᠭᠤᠯᠤᠨ᠂ ᠴᠠᠭ ᠤᠨ ᠬᠢᠵᠠᠭᠠᠷ ᠢ ᠲᠣᠩᠭᠤᠷᠤᠭᠤᠯᠤᠨ ᠵᠢᠭᠰᠠᠭᠠᠵᠤ᠂ ᠳᠡᠭᠡᠷ᠎ᠡ ᠠᠴᠠ ᠳᠣᠷᠣᠭᠰᠢ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠨ᠎ᠠ᠃ ᠵᠢᠱᠢᠶᠡᠯᠡᠪᠡᠯ᠂ ᠳᠤᠯᠠᠭᠠᠨ ᠪᠦᠯᠢᠶᠡᠨ ᠤ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠯ᠎ᠠ ᠪᠠᠷ᠂ ︽ᠨᠢᠭᠡ ᠲᠣᠭᠤᠷᠢᠭ ᠲᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠨᠳᠤᠯᠭᠠᠲᠤ ᠦᠢᠯᠡᠴᠢᠯᠡᠭᠡ ᠶᠢ ᠪᠠᠷᠢᠮᠲᠠᠯᠠᠨ᠂ ᠪᠥᠬᠦ ᠰᠢᠶᠠᠨ ᠤ ᠡᠯ᠎ᠡ ᠵᠢᠵᠢᠭ ᠲᠣᠭᠤᠷᠢᠭ ᠤᠨ ᠳᠤᠯᠠᠭᠠᠯᠭ᠎ᠠ ᠶᠢᠨ ᠪᠠᠶᠢᠳᠠᠯ ᠳᠤ ᠪᠥᠬᠦ ᠲᠠᠯ᠎ᠠ ᠶᠢᠨ ︽ᠪᠡᠶ᠎ᠡ ᠶᠢᠨ ᠪᠠᠶᠢᠴᠠᠭᠠᠯᠲᠠ︾ ᠬᠢᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ︽ᠳᠤᠯᠠᠭᠠᠯᠠᠬᠤ ᠪᠠᠨ ᠵᠣᠭᠰᠣᠪᠠᠯ ᠳᠠᠷᠤᠢ ᠠᠵᠢᠯ ᠡᠬᠢᠯᠡᠭᠦᠯᠵᠦ︾᠂ ᠣᠯᠠᠨ ᠲᠦᠮᠡᠨ ᠤ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠱᠢᠶᠡᠯᠡᠪᠡᠯ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠯ᠎ᠠ ᠪᠠᠷ᠂ ᠦᠨᠡᠨᠴᠢ ᠢᠲᠡᠭᠡᠮᠵᠢ ᠶᠢᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨᠬᠦ ᠪᠤᠢ ᠪᠣᠯᠭᠠᠬᠤ ᠬᠡᠷᠡᠭᠲᠡᠢ᠃ ᠲᠥᠷᠥᠯ ᠵᠦᠢᠯ ᠤᠨ ᠭᠠᠷᠳᠠᠮ ᠢ ᠨᠡᠶᠢᠯᠡᠭᠦᠯᠦᠨ ᠬᠢᠨᠠᠨ ᠵᠥᠪᠰᠢᠶᠡᠷᠡᠬᠦ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ︽ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠬᠠᠶᠢᠨ ᠰᠢᠯᠭᠠᠬᠤ︾ ᠶᠢ ᠪᠠᠷᠢᠮᠲᠠᠯᠠᠨ ᠂ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾ ᠶᠢ ᠪᠡᠶᠡᠯᠡᠭᠦᠯᠬᠦ ᠶᠢ ᠠᠬᠢᠭᠤᠯᠵᠤ᠂ ᠥᠨᠳᠥᠷ ᠦᠷ᠎ᠡ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠵᠦ᠂ ︽ᠬᠡᠵᠢᠶ᠎ᠡ ᠳᠠᠭᠤᠳᠠᠪᠠᠯ ᠬᠡᠵᠢᠶ᠎ᠡ ᠢᠷᠡᠬᠦ᠂ ᠳᠠᠭᠤᠳᠠᠬᠤ ᠦᠭᠡᠢ ᠪᠣᠯ ᠣᠯᠬᠤ ᠦᠭᠡᠢ᠂ ᠦᠢᠯᠡᠴᠢᠯᠡᠭᠡ ᠪᠦᠷᠢᠨ ᠭᠦᠢᠴᠡᠳ᠂ ᠬᠡᠯᠡᠭᠰᠡᠨ ᠳᠡᠭᠡᠨ ᠬᠦᠷᠬᠦ︾ ︽ᠲᠠ ᠰᠠᠨᠠᠭ᠎ᠠ ᠠᠮᠤᠷ ᠪᠠᠶᠢᠭᠠᠷᠠᠢ︾ ᠪᠥᠬᠦ ᠣᠷᠣᠨ ᠤ ᠲᠡᠷᠢᠭᠦᠨ ᠲᠠᠰ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1