︽ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠤᠯᠴᠠᠵᠦ ᠡᠭᠦᠷᠢᠳᠡ ᠨᠠᠮ ᠢᠶᠠᠨ ᠳᠠᠭᠠᠵᠤ ᠡᠷᠡᠯᠬᠡᠭᠯᠡᠨ ᠰᠢᠨ᠎ᠡ ᠠᠶᠠᠨ ᠵᠠᠮ ᠳᠤ ᠤᠷᠤᠭᠰᠢᠯᠠᠨ᠎ᠠ︾ᠴᠢᠩ ᠱᠦᠢ ᠾᠧ ᠰᠢᠶᠠᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠶᠡᠭᠡ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/2/28
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠭᠠᠴᠤᠳ ᠬᠡᠦᠬᠡᠳ ᠪᠠ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠤᠤᠱᠯᠠᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠤᠯᠤᠰ ᠲᠥᠷᠥ ᠶᠢᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠳᠤᠰᠠᠳᠠ᠂ 2 ᠳ᠋ᠤᠭᠠᠷ ᠰᠠᠷ᠎ᠠ ᠶᠢᠨ 27  ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩ ᠱᠦᠢ ᠾᠧ ᠰᠢᠶᠠᠨ ᠤ ᠬᠤᠷᠢᠶ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠴᠢᠩ ᠱᠦᠢ ᠾᠧ ᠰᠢᠶᠠᠨ ᠤ ᠠᠵᠢᠯ ᠤᠨ ᠵᠥᠪᠯᠡᠯ ᠬᠠᠮᠲᠤᠷᠠᠨ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠦ ᠡᠭᠦᠷᠢᠳᠡ ᠨᠠᠮ ᠢᠶᠠᠨ ᠲᠠᠭᠠᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ︱ 2024 ᠣᠨ ᠤ ᠴᠢᠩ ᠱᠦᠢ ᠾᠧ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ︾  ᠢ ᠡᠷᠬᠢᠯᠡᠪᠡ᠃ ᠪᠦᠬᠦ ᠰᠢᠶᠠᠨ ᠤ ᠡᠯ᠎ᠡ ᠪᠠᠭ᠎ᠠ ᠰᠤᠷᠭᠠᠭᠤᠯᠢ ᠶᠢᠨ 16 ᠬᠠᠪᠰᠤᠷᠤᠨ ᠵᠢᠯᠣᠭᠤᠳᠤᠭᠴᠢ ᠤᠷᠤᠯᠳᠤᠭᠠᠨ ᠳᠤ ᠣᠷᠣᠯᠴᠠᠪᠠ᠃
     ᠲᠤᠰ ᠤᠳᠠᠭ᠎ᠠ ᠶᠢᠨ ᠤᠷᠤᠯᠳᠤᠭᠠᠨ ᠨᠢ︽ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠤᠯᠴᠠᠵᠦ ᠰᠠᠶᠢᠲᠤᠷ ᠭᠡᠰᠢᠭᠦᠨ ᠪᠣᠯᠬᠤ ᠪᠠᠷ ᠲᠡᠮᠡᠴᠡᠶ᠎ᠡ︾ᠭᠡᠬᠦ ᠭᠤᠣᠯ ᠰᠡᠳᠦᠪ ᠤᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂︽ᠬᠡᠦᠬᠡᠳ ᠤᠨ ᠦᠭᠡ ᠶᠠᠷᠢᠶ᠎ᠠ︾ ᠪᠠᠷ ᠪᠠᠭᠠᠴᠤᠳ ᠬᠡᠦᠬᠡᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠶᠠᠷᠢᠵᠤ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠰᠢᠯᠢᠳᠡᠭ ᠰᠠᠶᠢᠨ ᠲᠤᠰᠬᠠᠢ ᠮᠡᠷᠭᠡᠵᠢᠯ ᠤᠨ ᠪᠣᠯᠪᠠᠰᠤᠷᠠᠯ ᠪᠣᠯᠣᠨ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃
     ᠲᠤᠰ ᠤᠳᠠᠭ᠎ᠠ ᠶᠢᠨ ᠤᠷᠤᠯᠳᠤᠭᠠᠨ ᠨᠢ ᠪᠦᠬᠦ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠳᠤ ᠰᠤᠷᠤᠯᠴᠠᠬᠤ ᠪᠠ ᠰᠣᠯᠢᠯᠴᠠᠬᠤ ᠲᠠᠪᠴᠠᠩ ᠪᠠᠶᠢᠭᠤᠯᠵᠤ᠂ ᠮᠠᠨ ᠤ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠯᠠᠪᠳᠠᠭᠤᠨ ᠪᠠᠲᠤᠲᠠᠢ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠭᠦᠢᠴᠡᠳ ᠬᠠᠷᠠᠭᠤᠯᠵᠠᠢ᠃ ᠳᠠᠷᠠᠭᠠᠴᠢ ᠶᠢᠨ ᠠᠯᠬᠤᠮ ᠳᠤ᠂ ᠵᠠᠯᠠᠭᠤᠴᠤᠳ ᠤᠨ ᠡᠪᠯᠡᠯ ᠤᠨ ᠰᠢᠶᠠᠨ ᠤ ᠨᠠᠮ ᠤᠨ ᠬᠤᠷᠢᠶ᠎ᠠ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠳᠠᠰᠤᠷᠠᠯᠳᠠ ᠦᠭᠡᠢ ᠴᠢᠩᠭᠠᠳᠬᠠᠵᠤ᠂ ᠪᠦᠬᠦ ᠰᠢᠶᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠳᠤ ᠰᠢᠨ᠎ᠡ ᠳᠠᠪᠰᠢᠯᠳᠠ ᠲᠠᠢ ᠪᠣᠯᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1