ᠪᠥᠬᠦ ᠤᠯᠤᠰ ᠤᠨ ᠬᠠᠮᠤᠭ ᠤᠨ ᠲᠣᠮᠣ ᠲᠠᠩ ᠪᠡᠶᠡᠲᠦ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠴᠢᠩ ᠱᠦᠢ ᠾᠧ ᠰᠢᠶᠠᠨ ᠳᠤ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/2/28
     ︵ᠰᠤᠷᠪᠤᠯᠵᠢᠯᠠᠭᠴᠢ ᠯᠢᠶᠠᠩ ᠵᠢᠩ ᠱᠤ᠋︶ ᠣᠶᠢᠯᠠᠭᠠᠭᠰᠠᠨ ᠢᠶᠠᠷ᠂ ᠣᠶᠢᠷ᠎ᠠ ᠳᠤ᠂ ᠪᠦᠬᠦ ᠤᠯᠤᠰ ᠤᠨ ᠬᠠᠮᠤᠭ ᠤᠨ ᠲᠣᠮᠣ ᠲᠠᠩ ᠪᠡᠶᠡᠲᠦ ᠪᠠᠷ ᠢᠶᠠᠨ 5 ᠲᠦᠮᠡᠨ ᠰᠠᠭᠠᠯᠢ ᠶᠢᠨ ᠢᠮᠠᠭ᠎ᠠ ᠲᠡᠵᠢᠭᠡᠵᠦ ᠪᠠᠶᠢᠭ᠎ᠠ ᠦᠨᠳᠦᠷ ᠪᠠᠷᠢᠮᠵᠢᠶᠠᠲᠤ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠢ ︱ ᠶᠧᠦ ᠷᠠᠨ ᠮᠠᠯᠵᠢᠯ ᠤᠨ ᠴᠢᠩ ᠱᠦᠢ ᠾᠧ ᠶᠢᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠠᠰᠢᠭᠯᠠᠯᠲᠠ ᠳᠤ ᠣᠷᠣᠵᠤ᠂ ᠵᠢᠩᠭᠡᠨᠢ ᠪᠠᠷ ᠦᠢᠯᠡᠳᠪᠦᠷᠢᠯᠡᠯ ᠡᠵᠡᠩᠨᠡᠯᠲᠡ ᠶᠢᠨ ᠰᠢᠨ᠎ᠡ ᠱᠠᠲᠤᠨ ᠳᠤ ᠣᠷᠣᠪᠠ᠃      ᠣᠶᠢᠯᠠᠭᠠᠭᠰᠠᠨ ᠢᠶᠠᠷ᠂ ᠶᠧᠦ ᠷᠠᠨ ᠮᠠᠯᠵᠢᠯ ᠤᠨ ᠴᠢᠩ ᠱᠦᠢ ᠾᠧ ᠶᠢᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠳᠤ 5 ᠲᠦᠮᠡᠨ ᠰᠠᠭᠠᠯᠢ ᠶᠢᠨ ᠢᠮᠠᠭ᠎ᠠ ᠲᠡᠵᠢᠭᠡᠬᠦ ᠪᠠᠷ ᠲᠦᠯᠦᠪᠯᠡᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 5.4 ᠳ᠋ᠦᠩᠰᠢᠭᠤᠷ ᠲᠥᠭᠦᠷᠢᠭ ᠬᠦᠷᠴᠦ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠡᠳᠦᠷ ᠲᠤ ᠪᠠᠷᠤᠭ 120 ᠲᠣᠨ ᠰᠦ ᠭᠠᠷᠤᠨ᠎ᠠ᠃ ᠮᠠᠯᠵᠢᠯ ᠤᠨ ᠲᠠᠯᠠᠪᠠᠶ ᠨᠢ ᠥᠨᠳᠥᠷ ᠡᠬᠢᠯᠡᠯᠲᠡ ᠶᠢᠨ ᠴᠡᠭ᠂ ᠥᠨᠳᠥᠷ ᠪᠠᠷᠢᠮᠵᠢᠶ᠎ᠠ᠂ ᠥᠨᠳᠥᠷ ᠦᠨ᠎ᠡ ᠥᠷᠲᠡᠭ ᠢᠶᠠᠷ ᠲᠥᠷᠥᠯ ᠵᠦᠢᠯ ᠤᠨ ᠪᠠᠶᠢᠷᠢ ᠲᠣᠭᠲᠠᠭᠠᠯᠲᠠ ᠪᠣᠯᠭᠠᠵᠤ᠂ ᠪᠦᠬᠦᠨ ᠢ ᠭᠠᠳᠠᠭᠠᠳᠤ ᠠᠴᠠ ᠴᠡᠪᠡᠷ ᠡᠭᠦᠯᠳᠡᠷ ᠤᠨ ᠰᠠᠭᠠᠨᠢᠨ ᠰᠠᠭᠠᠯᠢ ᠶᠢᠨ ᠢᠮᠠᠭ᠎ᠠ ᠣᠷᠣᠭᠤᠯᠤᠨ ᠠᠪᠴᠢᠷᠠᠵᠤ᠂ ᠳᠡᠯᠡᠬᠡᠢ ᠶᠢᠨ ᠬᠠᠮᠤᠭ ᠤᠨ ᠲᠣᠮᠣ 100 ᠣᠷᠣ ᠲᠠᠢ ᠡᠷᠭᠢᠳᠡᠭ ᠰᠦ ᠰᠠᠭᠠᠬᠤ ᠮᠠᠰᠢᠨ ᠢ ᠬᠡᠷᠡᠭᠯᠡᠨ᠂ ᠡᠳ᠋ ᠪᠠᠷᠠᠭᠠᠨ ᠤ ᠰᠦᠯᠵᠢᠶ᠎ᠡ ᠶᠢᠨ ᠮᠡᠷᠭᠡᠵᠢᠯ ᠢ ᠬᠡᠷᠡᠭᠯᠡᠨ᠂ ᠢᠮᠠᠭᠠᠨ ᠤ ᠰᠠᠷᠠᠪᠴᠢ ᠶᠢᠨ ᠳᠤᠯᠠᠭᠠᠨ᠂ ᠴᠢᠭᠢᠭ ᠤᠨ ᠬᠡᠮᠵᠢᠶ᠎ᠡ᠂ ᠦᠨᠦᠷ᠂ ᠬᠡᠷᠡᠯ ᠤᠨ ᠲᠤᠰᠤᠯᠲᠠ ᠳᠤ ᠠᠦ᠋ᠲ᠋ᠣ᠋ ᠲᠣᠬᠢᠷᠠᠭᠤᠯᠤᠯᠲᠠ ᠬᠢᠵᠦ᠂ ᠰᠠᠭᠠᠯᠢ ᠶᠢᠨ ᠢᠮᠠᠭ᠎ᠠ ᠶᠢ ᠴᠠᠭ ᠢᠮᠠᠭᠲᠠ ᠬᠠᠮᠤᠭ ᠤᠨ ᠲᠣᠬᠢᠷᠠᠮᠵᠢᠲᠠᠢ ᠣᠷᠴᠢᠨ ᠲᠣᠭᠤᠷᠢᠨ ᠳᠤ ᠪᠠᠶᠢᠯᠭᠠᠨ᠎ᠠ᠃ ᠡᠭᠦᠨ ᠤ ᠵᠡᠷᠭᠡ ᠳᠤ᠂ ᠰᠠᠭᠠᠯᠢ ᠶᠢᠨ ᠢᠮᠠᠭ᠎ᠠ ᠶᠢ ᠲᠡᠵᠢᠭᠡᠬᠦ ᠠᠴᠠ ᠰᠦ ᠰᠠᠭᠠᠬᠤ ᠬᠦᠷᠲᠡᠯᠡᠬᠢ ᠪᠥᠬᠦ ᠶᠠᠪᠤᠴᠠ ᠶᠢ ᠲᠣᠭᠠᠴᠢᠯᠠᠨ᠂ ᠨᠠᠷᠢᠯᠢᠭ ᠣᠨᠣᠴᠠᠲᠠᠢ ᠬᠠᠮᠢᠶᠠᠷᠬᠤ ᠪᠠᠷ ᠳᠠᠮᠵᠢᠭᠤᠯᠤᠨ᠂ ᠶᠧᠦ ᠷᠠᠨ ᠮᠠᠯᠵᠢᠯ ᠤᠨ ᠰᠠᠢ ᠺᠧ ᠰᠢᠩ ᠡᠭᠦᠯᠳᠡᠷ ᠪᠣᠶᠢᠵᠢᠭᠤᠯᠬᠤ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠲᠣᠰ ᠮᠠᠯᠵᠢᠯ ᠤᠨ ᠲᠠᠯᠠᠪᠠᠶ ᠨᠢ ᠶᠠᠭ ᠥᠨᠳᠥᠷ ᠪᠠᠷᠢᠮᠵᠢᠶᠠᠲᠤ ᠰᠠᠭᠠᠯᠢ ᠶᠢᠨ ᠢᠮᠠᠭᠠᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢ ᠪᠠᠶᠢᠭᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠰᠢᠨ᠎ᠡ ᠮᠡᠷᠭᠡᠵᠢᠯ ᠢ ᠬᠡᠷᠡᠭᠯᠡᠨ ᠳᠡᠯᠭᠡᠷᠡᠭᠦᠯᠬᠦ᠂ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠦᠷ᠎ᠡ ᠶᠢᠨ ᠦᠢᠯᠡᠰ ᠤᠨ ᠥᠨᠳᠦᠷᠯᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠵᠤ ᠪᠠᠶᠢᠨ᠎ᠠ᠃      ᠶᠧᠦ ᠷᠠᠨ ᠮᠠᠯᠵᠢᠯ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠪᠣᠯᠣᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠳᠠᠪᠠᠭᠤᠯᠢᠭ ᠲᠤ ᠲᠦᠰᠢᠭᠯᠡᠨ᠂ ᠠᠵᠢᠯ ᠲᠦᠷᠦᠯ ᠤᠨ ᠣᠨᠴᠠᠯᠢᠭᠲᠤ ᠰᠦ ᠶᠢ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠬᠥᠲᠥᠯᠥᠨ ᠳᠠᠭᠠᠭᠤᠯᠵᠤ᠂ ᠣᠳᠣᠬᠠᠨ ᠳᠤ ᠨᠢᠭᠡᠨᠲᠡ ᠣᠷᠭᠠᠨᠢᠭ ᠰᠦ᠂ ᠵᠢᠤᠸᠠᠨ ᠱᠠᠨ ᠰᠦ᠂ ᠣᠷᠭᠠᠨᠢᠭ ᠵᠢᠤᠸᠠᠨ ᠱᠠᠨ ᠰᠦ᠂ DHA  ᠰᠦ᠂ A2  ᠰᠦ᠂ ᠣᠷᠭᠠᠨᠢᠭ A2 ᠰᠦ᠂ ᠰᠧᠯᠧᠨ ᠡᠯᠪᠡᠭ ᠰᠦ ᠶᠢ ᠨᠡᠭᠡᠭᠡᠨ ᠬᠥᠭᠵᠢᠭᠦᠯᠵᠡᠢ᠃ ᠲᠣᠰ ᠤᠳᠠᠭᠠᠨ ᠤ ᠰᠠᠭᠠᠯᠢ ᠶᠢᠨ ᠢᠮᠠᠭᠠᠨ ᠤ ᠲᠠᠯᠠᠪᠠᠶ ᠶᠢᠨ ᠠᠰᠢᠭᠯᠠᠯᠲᠠ ᠳᠤ ᠣᠷᠣᠬᠤ ᠶᠢ ᠳᠠᠭᠠᠯᠳᠤᠨ᠂ ᠶᠧᠦ ᠷᠠᠨ ᠮᠠᠯᠵᠢᠯ ᠤᠨ ᠣᠨᠴᠠᠯᠢᠭᠲᠤ ᠲᠦᠭᠦᠬᠡᠢ ᠰᠢᠨ᠎ᠡ ᠴᠠᠭᠠᠨ ᠢᠳᠡᠭᠡᠨ ᠤ ᠲᠥᠷᠥᠯ 8 ᠬᠦᠷᠲᠡᠯ᠎ᠡ ᠦᠷᠭᠡᠳᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1