ᠴᠢᠩ ᠱᠦᠢ ᠾᠧ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠵᠢᠴᠢ ᠬᠠᠮᠵᠢᠯᠴᠠᠨ ᠠᠵᠢᠯᠯᠠᠬᠤ ᠰᠢᠰᠲ᠋ᠧᠮ ᠤᠨ ᠬᠡᠷᠡᠭᠯᠡᠭᠡᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
     ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠥᠬᠦ ᠰᠢᠶᠠᠨ ᠤ ᠡᠯ᠎ᠡ ᠨᠢᠭᠡᠴᠡ ᠶᠢᠨ ᠬᠠᠮᠵᠢᠯᠴᠠᠨ ᠠᠵᠢᠯᠯᠠᠬᠤ ᠰᠢᠰᠲ᠋ᠧᠮ ᠤᠨ ᠬᠡᠷᠡᠭᠯᠡᠯᠲᠡ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠃ 2 ᠳ᠋ᠤᠭᠠᠷ ᠰᠠᠷ᠎ᠠ ᠶᠢᠨ 26 ᠤ ᠡᠳᠦᠷ᠂ ᠴᠢᠩ ᠱᠦᠢ ᠾᠧ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠵᠢᠴᠢ ᠬᠠᠮᠵᠢᠯᠴᠠᠨ ᠠᠵᠢᠯᠯᠠᠬᠤ ᠰᠢᠰᠲ᠋ᠧᠮ ᠤᠨ ᠬᠡᠷᠡᠭᠯᠡᠭᠡᠨ ᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠪᠦᠬᠦ ᠰᠢᠶᠠᠨ ᠤ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠵᠠᠢ᠃
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠢᠴᠢᠶᠡᠯ ᠵᠢᠭᠠᠭᠴᠢ ᠴᠢᠩ ᠱᠦᠢ ᠾᠧ ᠰᠢᠶᠠᠨ ᠤ ᠣᠶᠢᠷ᠎ᠠ ᠶᠢᠨ ᠬᠤᠭᠤᠴᠠᠭᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠰᠠᠭ ᠤᠨ ᠶᠠᠪᠤᠳᠠᠯ ᠤᠨ ᠬᠠᠮᠵᠢᠯᠴᠠᠨ ᠠᠵᠢᠯᠯᠠᠬᠤ ᠲᠠᠪᠴᠠᠩ ᠤᠨ ᠬᠡᠷᠡᠭᠯᠡᠯᠲᠡ᠂ ᠠᠯᠪᠠᠨ ᠪᠢᠴᠢᠭ ᠢ ᠬᠤᠷᠢᠶᠠᠨ ᠲᠠᠷᠬᠠᠭᠠᠬᠤ ᠪᠠ ᠰᠢᠢᠳᠪᠦᠷᠢᠯᠡᠬᠦ ᠶᠠᠪᠤᠴᠠ ᠵᠡᠷᠭᠡ ᠠᠯᠪᠠᠨ ᠪᠢᠴᠢᠭ ᠢ ᠰᠢᠢᠳᠪᠦᠷᠢᠯᠡᠬᠦ ᠬᠠᠮᠢᠶ᠎ᠠ ᠪᠦᠬᠦᠢ ᠮᠡᠳᠡᠯᠭᠡ ᠶᠢ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠵᠤ᠂ ᠪᠣᠳᠠᠲᠠᠢ ᠠᠵᠢᠯᠯᠠᠭᠠᠨ ᠤ ᠶᠠᠪᠤᠴᠠ ᠶᠢ ᠲᠤᠬᠠᠢ ᠶᠢᠨ ᠲᠠᠯᠠᠪᠤᠷ ᠲᠤ ᠦᠵᠡᠭᠦᠯᠦᠨ ᠦᠵᠡᠭᠦᠯᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠢᠯ ᠤᠨ ᠰᠤᠷᠲᠠᠯ ᠢᠶᠠᠨ ᠴᠢᠩᠭᠠᠳᠬᠠᠨ ᠰᠠᠶᠢᠵᠢᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠠᠷᠴᠢᠮ᠂ ᠬᠡᠪᠴᠢᠶ᠎ᠡ᠂ ᠠᠭᠤᠯᠭ᠎ᠠ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠪᠦᠷᠢᠨ ᠪᠦᠲᠦᠨ ᠴᠢᠨᠠᠷ᠂ ᠴᠠᠭ ᠲᠤᠬᠠᠢ ᠶᠢᠨ ᠴᠢᠨᠠᠷ ᠪᠠ ᠵᠢᠷᠤᠮᠵᠢᠯᠳᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠪᠣᠯᠪᠠᠰᠤᠷᠠᠭᠤᠯᠤᠯ ᠢᠶᠠᠷ ᠳᠡᠮᠵᠢᠨ᠂ ᠬᠤᠯᠪᠣᠭᠳᠠᠯ ᠪᠦᠬᠦᠢ ᠬᠥᠮᠥᠰ ᠠᠯᠪᠠᠨ ᠪᠢᠴᠢᠭ ᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠷᠠᠭᠤᠯᠤᠨ᠂ ᠰᠣᠯᠢᠯᠴᠠᠭ᠎ᠠ ᠪᠠᠨ ᠨᠡᠮᠡᠭᠳᠡᠭᠦᠯᠦᠭᠰᠡᠨ ᠤ ᠬᠠᠮᠲᠤ ᠪᠥᠬᠦ ᠰᠢᠶᠠᠨ ᠤ ᠠᠯᠪᠠᠯᠠᠬᠤ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠵᠥᠪᠯᠡᠭᠴᠢ ᠪᠠ ᠬᠠᠪᠰᠤᠷᠤᠭᠴᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠪᠣᠯᠣᠨ᠎ᠠ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1