ᠯᠢ ᠮᠧᠢ ᠨᠠ
ᠨᠡᠶᠢᠲᠡᠯᠡᠭᠰᠡᠨ ᠴᠠᠭ᠄
2024/2/3
     ᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠪᠠᠷᠢᠨ ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ ᠨᠢ᠄ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠤᠯᠠᠭᠠᠨᠮᠥ᠋ᠴᠢᠷ᠂ ᠯᠣᠸ ᠨᠢᠦ ᠸᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠪᠠᠷᠢᠨ ᠭᠦᠢᠴᠡᠳᠬᠡᠬᠦ ᠵᠢᠯᠣᠭᠤᠳᠤᠨ ᠲᠣᠬᠢᠷᠠᠭᠤᠯᠬᠤ ᠲᠥᠪ᠂ ᠥᠪᠥᠷ ᠮᠣᠩᠭᠤᠯ ᠤᠨ ᠵᠥᠩ ᠴᠢᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠩ ᠾᠧ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠃      ᠬᠠᠷᠢᠯᠴᠠᠬᠤ ᠨᠢ᠄ ᠯᠣᠣ ᠨᠢᠦ ᠫᠦᠸᠧ ᠰᠤᠳᠤᠯᠤᠨ ᠰᠣᠷᠣᠯᠴᠠᠬᠤ ᠲᠥᠪ᠂ ᠬᠠᠮ ᠵᠠᠭᠤᠴᠢᠯᠠᠭᠤᠷ ᠤᠨ ᠲᠥᠪ᠂ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭ᠎ᠠ᠂ ᠭᠠᠳᠠᠭᠠᠳᠤ ᠤᠬᠠᠭᠤᠯᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠮᠡᠳᠡᠭᠡ ᠵᠠᠩᠭᠢ ᠶᠢᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠴᠢᠩ ᠱᠦᠢ ᠾᠧ ᠰᠢᠶᠠᠨ ᠤ ᠬᠤᠪᠢᠶᠠᠷᠢ ᠺᠣᠮᠫᠠᠨᠢ᠂ ᠰᠢᠨᠬᠤᠸᠠ ᠨᠣᠮ ᠤᠨ ᠳᠡᠯᠭᠡᠭᠦᠷ᠃      ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃      ᠲᠣᠪᠴᠢ ᠲᠠᠨᠢᠯᠴᠠᠭᠤᠯᠭ᠎ᠠ      ᠯᠢ ᠮᠧᠢ ᠨᠠ᠂ᠡᠮᠡᠭᠲᠡᠢ᠂ ᠬᠢᠲᠠᠳ ᠦᠨᠳᠦᠰᠦᠲᠡᠨ᠂ 1977 ᠣᠨ ᠤ 5 ᠳ᠋ᠤᠭᠠᠷ ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠪᠤᠭᠤᠲᠤ ᠶᠢᠨ ᠬᠥᠮᠥᠨ᠂ 2005 ᠣᠨ ᠤ 9 ᠳ᠋ᠦ᠋ᠭᠡᠷ ᠰᠠᠷ᠎ᠠ ᠳᠤ ᠠᠵᠢᠯ ᠳᠤ ᠣᠷᠣᠯᠴᠠᠵᠤ᠂ 2014 ᠣᠨ ᠤ 2 ᠳ᠋ᠤᠭᠠᠷ ᠰᠠᠷ᠎ᠠ ᠳᠤ ︽9·3︾  ᠤ ᠡᠷᠳᠡᠮ ᠰᠢᠨᠵᠢᠯᠡᠭᠡᠨ ᠤ ᠨᠡᠶᠢᠭᠡᠮᠯᠢᠭ ᠲᠤ ᠡᠯᠰᠡᠭᠳᠡᠵᠡᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠮᠠᠯ ᠤᠨ ᠤᠳᠤᠮᠰᠢᠯ ᠤᠨ ᠦᠷ᠎ᠡ ᠪᠣᠶᠢᠵᠢᠭᠤᠯᠬᠤ ᠲᠤᠰᠬᠠᠢ ᠮᠡᠷᠭᠡᠵᠢᠯ ᠠᠴᠠ ᠲᠡᠭᠦᠰᠴᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠮᠠᠰᠲ᠋ᠧᠷ ᠴᠣᠯᠠ ᠲᠠᠢ᠃ ᠤᠳᠤ ᠬᠥᠬᠡᠬᠤᠲᠠ ᠶᠢᠨ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1