ᠮᠠᠨ ᠤ ᠬᠤᠲᠠ ᠶᠢᠨ 3 ᠬᠠᠮᠲᠤ ᠨᠡᠶᠢᠲᠡ᠂ 6 ᠬᠤᠪᠢ ᠬᠥᠮᠥᠨ ᠥᠪᠡᠷᠲᠡᠭᠡᠨ ᠵᠠᠰᠠᠬᠤ ᠣᠷᠣᠨ ᠤ ᠭᠤᠣᠯ ᠮᠦᠷᠡᠨ ᠤ ᠳᠠᠷᠤᠭ᠎ᠠ ᠶᠢᠨ ᠳᠦᠷᠢᠮ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠥᠮᠥᠨ ᠤ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/2/4
     ︵ᠰᠤᠷᠪᠤᠯᠵᠢᠯᠠᠭᠴᠢ ᠦ᠋ ᠽᠢ ᠰᠢᠤᠸᠠᠨ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠠᠴᠠ ᠪᠦᠬᠦ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠨᠡᠶᠢᠲᠡ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ ᠮᠠᠨ ᠤ ᠬᠤᠲᠠ ᠶᠢᠨ 3 ᠬᠠᠮᠲᠤ ᠨᠡᠶᠢᠲᠡ᠂ 6 ᠬᠤᠪᠢ ᠬᠥᠮᠥᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠨᠡᠶᠢᠲᠡ ᠪᠣᠯᠣᠨ ᠲᠡᠷᠢᠭᠦᠨ ᠤ ᠬᠤᠪᠢ ᠬᠥᠮᠥᠨ ᠤ ᠢᠷᠠᠭᠤ ᠠᠯᠲᠠᠷ ᠢ ᠬᠦᠷᠲᠡᠪᠡ᠃      2023 ᠣᠨ ᠳᠤ᠂ ᠮᠠᠨ ᠤ ᠬᠤᠲᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠪᠥᠬᠦ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠠᠵᠢᠯ ᠢᠯᠡᠳᠲᠡ ᠦᠷ᠎ᠡ ᠪᠦᠲᠦᠮᠵᠢ ᠤᠯᠵᠠᠢ᠃ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠨᠢᠭᠡᠳᠦᠭᠡᠷ ᠶᠡᠷᠦᠩᠬᠡᠢ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠡᠳ᠋ ᠶᠡᠷᠦᠩᠬᠡᠢ ᠳᠠᠷᠤᠭ᠎ᠠ ᠬᠠᠮᠲᠤᠷᠠᠨ 4 ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ ᠶᠢᠨ ᠵᠠᠷᠯᠢᠭ ᠲᠤ ᠭᠠᠷ ᠤᠨ ᠥᠰᠥᠭ ᠵᠢᠷᠤᠪᠠ︔ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠵᠠᠰᠠᠬᠤ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠵᠠᠰᠠᠬᠤ ᠴᠢᠳᠠᠪᠤᠷᠢ ᠢᠯᠡᠳᠲᠡ  ᠳᠡᠭᠡᠭᠰᠢᠯᠡᠪᠡ︔ ᠪᠦᠬᠦ ᠬᠤᠳᠠ ᠶᠢᠨ 1195 ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠲᠦᠷᠦᠭᠦᠯᠡᠨ 3.88 ᠲᠦᠮᠡᠨ ᠬᠥᠮᠥᠨ ᠤᠳᠠᠭ᠎ᠠ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠴᠠᠭᠳᠠᠵᠤ᠂ ᠭᠤᠣᠯ ᠮᠥᠷᠡᠨ ᠢ ᠲᠣᠭᠤᠷᠢᠨ ᠴᠠᠭᠳᠠᠭᠰᠠᠨ ᠵᠠᠢ 6.86 ᠲᠦᠮᠡᠨ ᠺᠢᠯᠣᠮᠧᠲᠷ ᠬᠦᠷᠪᠡ᠃ 30 ᠭᠤᠣᠯ ᠮᠥᠷᠡᠨ᠂ ᠬᠤᠶᠠᠷ ᠨᠠᠭᠤᠷ ᠴᠥᠭᠦᠷᠥᠮ ᠤᠨ ᠡᠷᠡᠭᠦᠯ ᠮᠡᠨᠳᠤ ᠶᠢ ᠦᠨᠡᠯᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨ᠎ᠡ ᠨᠢᠭᠡᠨ ᠡᠭᠡᠯᠵᠢ ᠶᠢᠨ ︽ᠨᠢᠭᠡ ᠭᠤᠣᠯ ︵ᠨᠠᠭᠤᠷ︶ ᠳᠤ ᠨᠢᠭᠡ ᠪᠣᠳᠣᠯᠭ᠎ᠠ︾ ᠶᠢ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠪᠡ᠃      ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠲᠦᠷᠭᠡᠪᠴᠢᠯᠡᠨ ᠪᠦᠲᠦᠭᠡᠨ ᠪᠠᠶᠢᠭᠤᠯᠪᠠ᠃ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠪᠤᠯᠠᠢ ᠶᠢ ᠴᠡᠪᠡᠷᠯᠡᠬᠦ︾ᠠᠵᠢᠯᠯᠠᠭ᠎ᠠ ᠶᠢ ᠬᠡᠪ ᠤᠨ ᠪᠠᠶᠢᠳᠠᠯ ᠢᠶᠠᠷ ᠥᠷᠨᠢᠭᠦᠯᠵᠦ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠠᠭᠠᠰ ᠰᠠᠷ᠎ᠠ ᠪᠦᠷᠢ ᠨᠢᠭᠡ ᠤᠳᠠᠭ᠎ᠠ ᠨᠢᠭᠤᠴᠠ ᠪᠠᠷ ᠰᠤᠷᠪᠤᠯᠵᠢᠯᠠᠨ ᠲᠣᠭᠤᠷᠢᠨ ᠪᠠᠶᠢᠴᠠᠭᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠪᠤᠯᠠᠢ ︾ ᠠᠰᠠᠭᠤᠳᠠᠯ ᠢ ᠨᠡᠶᠢᠳᠡ 1392 ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠪᠠᠷᠢᠯᠭ᠎ᠠ ᠪᠠ ᠠᠮᠢᠳᠤᠷᠠᠯ ᠤᠨ ᠬᠤᠭ ᠨᠣᠪᠰᠢ 1942 ᠲᠣᠨ᠂ ᠤᠰᠤᠨ ᠭᠠᠳᠠᠷᠭᠤ ᠶᠢᠨ ᠬᠥᠪᠥᠮᠡᠯ ᠬᠤᠭ ᠨᠣᠪᠰᠢ 2927 ᠲᠣᠨ ᠢ ᠴᠡᠪᠡᠷᠯᠡᠨ᠂  6.7 ᠲᠦᠮᠡᠨ ᠪᠣᠰᠤᠭ᠎ᠠ ᠳᠥᠷᠪᠡᠯᠵᠢᠨ ᠮᠧᠲᠷ/25 ᠺᠢᠯᠣᠮᠧᠲᠷ ᠬᠤᠷᠠᠭᠰᠠᠨ ᠢ ᠴᠡᠪᠡᠷᠯᠡᠨ ᠨᠠᠪᠲᠠᠷᠡᠭᠦᠯᠵᠦ᠂ ᠴᠢᠬᠤᠯᠠ ᠶᠡᠭᠡ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠪᠤᠯᠠᠢ ︾ ᠠᠰᠠᠭᠤᠳᠠᠯ ᠭᠠᠷᠤᠭᠰᠠᠨ ᠦᠭᠡᠢ᠃ ᠬᠠᠲᠤᠨ ᠭᠤᠣᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠬᠦᠴᠦᠲᠡᠢ ᠬᠠᠮᠢᠶᠠᠷᠤᠨ ᠡᠵᠡᠮᠳᠡᠵᠦ᠂ ᠲᠠᠩ ᠭᠠᠵᠠᠷ ᠤᠨ 332 ᠡᠷᠦᠬᠡ᠂ 833 ᠬᠥᠮᠥᠨ ᠢ ᠤᠷᠤᠭᠰᠢᠲᠠᠢ ᠪᠠᠷ ᠨᠡᠭᠦᠯᠭᠡᠵᠦ᠂ 183 ᠬᠦᠷᠢᠶ᠎ᠡ ᠬᠠᠰᠢᠶ᠎ᠠ ᠶᠢ ᠨᠤᠷᠠᠭᠠᠨ᠂ 185.17 ᠮᠦ ᠭᠠᠵᠠᠷ ᠰᠢᠷᠣᠢ ᠶᠢ ᠲᠠᠲᠠᠪᠤᠷᠢᠯᠠᠨ᠂ 86 ᠢᠵᠢ ᠭᠡᠷ ᠪᠠᠶᠢᠰᠢᠩ ᠪᠠᠷᠢᠵᠤ᠂ 2023 ᠣᠨ ᠤ ᠬᠠᠲᠤᠨ ᠭᠤᠣᠯ ᠤᠨ ᠲᠠᠩ ᠭᠠᠵᠠᠷ ᠤᠨ ᠢ ᠴᠡᠭᠴᠡᠯᠡᠨ ᠵᠠᠰᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ ᠵᠠᠭᠠᠭ ᠠᠯᠤᠰᠯᠠᠭᠰᠠᠨ ᠣᠭᠲᠣᠯᠣᠭᠠᠰᠤ ᠶᠢᠨ ᠤᠰᠤᠨ ᠤ ᠴᠢᠨᠠᠷ ᠤᠨ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠵᠦ᠂ ᠨᠡᠶᠢᠲᠡ 24 ᠤᠳᠠᠭ᠎ᠠ ᠬᠢᠨᠠᠨ ᠬᠡᠮᠵᠢᠵᠦ ᠂ 36 ᠪᠠᠷᠢᠮᠵᠢᠶ᠎ᠠ   ᠠᠴᠠ ᠬᠡᠲᠦᠷᠡᠭᠰᠡᠨ ᠣᠭᠲᠣᠯᠣᠭᠠᠰᠤ ᠶᠢ ᠢᠯᠡᠷᠡᠭᠦᠯᠵᠦ᠂ ᠵᠦᠢᠯ ᠳᠠᠷᠠᠭᠠᠯᠠᠨ ᠰᠢᠮᠳᠠᠭᠤᠯᠤᠨ  ᠴᠡᠭᠴᠡᠯᠡᠵᠦ ᠰᠠᠶᠢᠵᠢᠷᠠᠭᠤᠯᠪᠠ᠃ 3270.27 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠲᠠᠰ ᠤᠨ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠡᠵᠡᠮᠳᠡᠬᠦ ᠣᠶᠤᠨᠴᠢᠯᠠᠭᠰᠠᠨ ᠬᠢᠨᠠᠨ ᠬᠠᠮᠢᠶᠠᠷᠬᠤ ᠴᠢᠳᠠᠪᠤᠷᠢ ᠶᠢ ᠬᠦᠴᠦᠯᠡᠨ  ᠳᠡᠭᠡᠭᠰᠢᠯᠡᠭᠦᠯᠪᠡ᠃      ᠬᠤᠳᠠ ᠶᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠬᠤᠪᠢᠶᠠᠨ ᠰᠢᠢᠳᠪᠦᠷᠢᠯᠡᠵᠦ ᠱᠠᠯᠠᠪᠳᠠᠭᠤᠯᠤᠨ ᠰᠢᠢᠳᠪᠦᠷᠢᠯᠡᠬᠦ ᠡᠭᠦᠷᠭᠡ ᠴᠢᠳᠠᠪᠬᠢ ᠶᠢᠨ ᠦᠢᠯᠡᠳᠦᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠣᠶᠤᠨᠲᠤ ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠬᠦ ᠵᠡᠷᠭᠡ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ 332 ᠪᠦᠯᠦᠭ ᠤᠳᠠᠭ᠎ᠠ ᠬᠤᠪᠢᠶᠠᠨ ᠱᠠᠯᠠᠪᠳᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠪᠠ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ︽ᠳᠦᠷᠪᠡᠨ ᠪᠤᠯᠠᠢ ︾ ᠶᠢ ᠴᠡᠪᠡᠷᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ 120 ᠬᠡᠷᠡᠭ ᠢ ᠲᠠᠩᠰᠠᠯᠠᠵᠤ᠂ 95 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠪᠠ  ︔ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠭᠤᠣᠯ ᠤᠨ ᠵᠠᠮ ᠠᠴᠠ ᠬᠠᠤᠯᠢ ᠪᠤᠰᠤ ᠪᠠᠷ ᠡᠯᠡᠰᠦ ᠮᠠᠯᠲᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 4815 ᠺᠢᠯᠣᠮᠧᠲᠷ ᠭᠤᠣᠯ ᠤᠨ ᠵᠠᠮ ᠢ ᠲᠣᠭᠤᠷᠢᠨ ᠪᠠᠶᠢᠴᠠᠭᠠᠵᠤ᠂ ᠭᠤᠣᠯ ᠮᠥᠷᠡᠨ ᠨᠠᠭᠤᠷ ᠴᠥᠭᠦᠷᠥᠮ ᠠᠴᠠ ᠬᠠᠤᠯᠢ ᠪᠤᠰᠤ ᠪᠠᠷ ᠡᠯᠡᠰᠦ ᠮᠠᠯᠲᠠᠭᠰᠠᠨ ᠰᠠᠮᠠᠭᠤᠨ ᠦᠵᠡᠭᠳᠡᠯ ᠳᠤ ᠴᠢᠩᠭ᠎ᠠ ᠴᠣᠬᠢᠯᠲᠠ ᠥᠭᠪᠡ︔ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠭᠤᠣᠯ ᠮᠥᠷᠡᠨ ᠨᠠᠭᠤᠷ ᠴᠥᠭᠦᠷᠥᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠢᠯᠡᠴᠢᠯᠡᠨ ᠮᠡᠳᠡᠭᠦᠯᠬᠦ ᠲᠠᠪᠴᠠᠩ ᠢ ᠪᠠᠶᠢᠭᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1