ᠮᠠᠨ ᠤ ᠬᠤᠲᠠ ᠪᠥᠬᠦ ᠬᠤᠲᠠ ᠶᠢᠨ ᠺᠠᠳ᠋ᠷᠴᠤᠳ ᠤᠨ ᠬᠤᠷᠠᠯ ᠢ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/2/4
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ ᠾᠧ ᠬᠠᠢ ᠳ᠋ᠦᠩ  ᠯᠢ ᠵᠢᠶᠦ᠋ᠩ  ᠼᠦᠢ ᠵᠧᠨ ᠦ᠋ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 2 ᠤᠨ ᠣᠷᠣᠢ᠂ ᠮᠠᠨ ᠤ ᠬᠤᠳᠠ ᠪᠦᠬᠦ ᠬᠤᠳᠠ ᠶᠢᠨ ᠺᠠᠳ᠋ᠷᠴᠤᠳ ᠤᠨ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃       ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠷᠣᠨ ᠤ ᠲᠥᠪ ᠬᠤᠲᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠦᠨ ᠱᠤᠤ ᠴᠧᠩ ᠱᠦᠵᠢ ︽ᠬᠠᠮᠤᠭ ᠤᠨ ᠰᠠᠶᠢᠬᠠᠨ ᠭᠠᠵᠠᠷ︾ ᠤᠨ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠪᠦᠬᠦ ᠬᠤᠳᠠ ᠪᠠᠷ ᠢᠶᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠨ ᠦᠢᠯᠡᠰ ᠪᠣᠰᠬᠠᠵᠤ᠂ ᠣᠷᠣᠨ ᠤ ᠲᠥᠪ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠡᠮᠦᠨ᠎ᠡ ᠨᠢ ᠶᠠᠪᠤᠵᠤ᠂ ᠦᠯᠢᠬᠡᠷ ᠳᠠᠭᠤᠷᠢᠶᠠᠯ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠰᠠᠶᠢᠲᠤᠷ ᠲᠤᠭᠤᠰᠢᠯᠠᠭᠤᠯᠬᠤ︾ ᠳᠡᠭᠡᠷ᠎ᠡ ᠪᠣᠳᠠᠲᠤ ᠦᠷ᠎ᠡ ᠪᠦᠲᠦᠮᠵᠢ ᠣᠯᠵᠤ᠂ ᠡᠨᠡᠬᠦ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠡᠨᠡᠬᠦ ᠭᠤᠣᠯ ᠰᠢᠵᠢᠮ ᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠡᠯ᠎ᠡ ᠵᠦᠢᠯ ᠤᠨ ᠠᠵᠢᠯ ᠳᠤ ᠪᠣᠳᠠᠲᠠᠢ ᠭᠦᠨᠵᠡᠭᠡᠢ ᠲᠤᠭᠤᠰᠢᠯᠠᠭᠤᠯᠵᠤ᠂ ᠺᠠᠳ᠋ᠷ ᠤᠯᠠᠨ ᠲᠦᠮᠡᠨ ᠤ ᠡᠳᠦᠷ ᠳᠤᠳᠤᠮ ᠤᠨ ᠠᠮᠢᠳᠤᠷᠠᠯ ᠳᠤ ᠠᠭᠤᠰᠬᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠦᠷᠭᠦᠯᠵᠢᠯᠡᠨ ᠡᠭᠦᠳᠬᠦ ᠬᠡᠷᠡᠭᠲᠡᠢ᠃ ︽︿ᠵᠢᠷᠭᠤᠭᠠᠨ ᠢᠨᠵᠧᠨᠧᠷᠢᠩ﹀ ᠢ ᠭᠦᠨᠵᠡᠭᠡᠢ ᠬᠡᠷᠡᠭᠵᠢᠭᠦᠯᠬᠦ︾ ᠳᠡᠭᠡᠷ᠎ᠡ ᠪᠣᠳᠠᠲᠤ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠨᠢᠭᠡᠨᠲᠡ ᠨᠡᠶᠢᠲᠡᠯᠡᠭᠰᠡᠨ ︽ᠵᠢᠷᠭᠤᠭᠠᠨ ᠢᠨᠵᠧᠨᠧᠷᠢᠩ︾ ᠤᠨ ᠬᠡᠷᠡᠭᠵᠢᠭᠦᠯᠬᠦ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠠᠳᠬᠤᠬᠤ ᠲᠠᠢ ᠠᠳᠠᠯᠢ ᠪᠠᠷ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ᠃ ︽ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ︾ ᠳᠡᠭᠡᠷ᠎ᠡ ᠪᠣᠳᠠᠲᠤ ᠦᠷ᠎ᠡ ᠪᠦᠲᠦᠮᠵᠢ ᠣᠯᠵᠤ᠂ ᠣᠷᠣᠨ ᠤ ᠲᠥᠪ ᠬᠤᠲᠠ ᠶᠢᠨ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠥᠪᠯᠡᠷᠡᠭᠰᠡᠨ ᠳᠠᠪᠠᠭᠤᠯᠢᠭ ᠢ ᠪᠠᠳᠠᠷᠠᠭᠤᠯᠤᠨ᠂ ᠮᠥᠩᠭᠦᠨ ᠭᠦᠢᠯᠭᠡᠭᠡᠨ ᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠳᠤ ᠦᠢᠯᠡᠴᠢᠯᠡᠬᠦ ᠡᠷᠴᠢᠮ ᠢ ᠴᠢᠩᠭᠠᠷᠠᠭᠤᠯᠵᠤ᠂ ᠬᠤᠷᠢᠨᠭᠡᠷ ᠤᠨ ᠤᠯᠤᠰ ᠤᠨ ᠲᠠᠰ ᠤᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠬᠤ ᠬᠡᠷᠡᠭᠲᠡᠢ᠃ ︽ᠠᠷᠭ᠎ᠠ ᠪᠦᠬᠦᠨ ᠢ ᠰᠦᠪᠡᠭᠴᠢᠯᠡᠨ ᠬᠥᠮᠥᠨ ᠠᠮᠠ ᠶᠢ ᠨᠡᠮᠡᠭᠳᠡᠭᠦᠯᠬᠦ︾ ᠳᠡᠭᠡᠷ᠎ᠡ ᠪᠣᠳᠠᠲᠠᠢ ᠦᠷ᠎ᠡ ᠪᠦᠲᠦᠮᠵᠢ ᠣᠯᠵᠤ᠂ ᠤᠳᠤ ᠦᠶ᠎ᠡ ᠶᠢᠨ ᠠᠵᠤ ᠦᠢᠯᠡᠰ᠂ ᠰᠤᠷᠭᠠᠨ ᠬᠥᠮᠦᠵᠢᠯ ᠡᠮ ᠡᠮᠨᠡᠯᠭᠡ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠳᠤ ᠲᠦᠰᠢᠭᠯᠡᠨ ᠬᠥᠮᠥᠨ ᠠᠮᠠ ᠶᠢ ᠴᠤᠭᠯᠠᠷᠠᠭᠤᠯᠬᠤ ᠶᠢ ᠪᠠᠷᠢᠮᠲᠠᠯᠠᠵᠤ᠂ ᠡᠨᠡ ᠵᠢᠯ ᠲᠠᠬᠢᠭᠠᠳ ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾ ᠢ ᠰᠠᠶᠢᠲᠤᠷ ᠪᠦᠲᠦᠭᠡᠨ ᠪᠠᠶᠢᠭᠤᠯᠵᠤ᠂ ᠬᠥᠮᠥᠨ ᠠᠮᠠ ᠶᠢ ᠲᠠᠲᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠬᠥᠮᠥᠨ ᠵᠢᠪᠬᠤᠭ᠎ᠠ᠂ ᠬᠤᠳᠠᠯᠳᠤᠭᠠᠨ ᠤ ᠥᠷᠨᠢᠯ᠂ ᠣᠯᠵᠠ ᠬᠡᠶᠢᠮᠣᠷᠢ ᠶᠢ ᠪᠠᠳᠠᠷᠠᠭᠠᠬᠤ ᠬᠡᠷᠡᠭᠲᠡᠢ ᠃ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ  ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ︾ ᠳᠡᠭᠡᠷ᠎ᠡ ᠪᠣᠳᠠᠲᠤ ᠦᠷ᠎ᠡ ᠪᠦᠲᠦᠮᠵᠢ ᠣᠯᠵᠤ᠂ ᠬᠥᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ ᠬᠥᠭᠵᠢᠯᠲᠡ ᠶᠢᠨ ᠵᠥᠪᠯᠡᠯᠴᠡᠭᠡᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠥᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ ᠪᠠᠷ ᠨᠡᠩ ᠤᠯᠠᠨ ᠦᠷ᠎ᠡ ᠪᠦᠲᠦᠮᠵᠢ ᠣᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠮ ᠬᠠᠷᠢᠯᠴᠠᠭᠠᠨ ᠤ ᠲᠥᠬᠦᠭᠡᠷᠦᠮᠵᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ ᠤᠨ ᠬᠡᠷᠡᠭᠯᠡᠭᠡ ᠵᠡᠷᠭᠡ ᠬᠦᠷᠢᠶᠡᠨ ᠤ ᠨᠢᠭᠡ ᠴᠣᠭᠴᠠᠵᠢᠭᠤᠯᠬᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠲᠦᠷᠭᠡᠨ ᠪᠤᠢ ᠪᠣᠯᠭᠠᠬᠤ ᠬᠡᠷᠡᠭᠲᠡᠢ᠃ ︽ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ︾ ᠳᠡᠭᠡᠷ᠎ᠡ ᠪᠣᠳᠠᠲᠠᠢ ᠦᠷ᠎ᠡ ᠪᠦᠲᠦᠮᠵᠢ ᠣᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠲᠤᠯᠤᠭᠠᠨ ᠵᠦᠢᠯ ᠤᠨ ᠨᠠᠶᠢᠳᠠᠪᠤᠷᠢᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠦᠷᠭᠦᠯᠵᠢᠯᠡᠨ ᠭᠦᠨᠵᠡᠭᠡᠢ ᠪᠣᠳᠠᠲᠠᠢ ᠬᠡᠷᠡᠭᠵᠢᠭᠦᠯᠵᠦ᠂ ᠳᠤᠷᠠᠲᠠᠶ᠎ᠠ ᠠᠵᠢᠯᠯᠠᠬᠤ᠂ ᠦᠨᠡᠨ ᠠᠵᠢᠯᠯᠠᠬᠤ᠂ ᠲᠦᠷᠭᠡᠨ ᠠᠵᠢᠯᠯᠠᠬᠤ ᠶᠢ ᠣᠷᠣᠨ ᠤ ᠲᠥᠪ ᠬᠤᠲᠠ ᠶᠢᠨ ᠬᠡᠪ ᠵᠠᠩᠰᠢᠯ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠦᠢᠲᠡᠨ ᠠᠭᠤᠷ ᠠᠮᠢᠰᠬᠤᠯ ᠪᠣᠯᠣᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠢᠳᠡᠭᠡᠨ ᠤ ᠠᠶᠤᠯᠭᠦᠢ᠂ ᠨᠡᠶᠢᠭᠡᠮ ᠤᠨ ᠠᠮᠤᠷ ᠲᠦᠪᠰᠢᠨ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠪᠦᠬᠦ ᠬᠤᠳᠠ ᠶᠢᠨ ᠠᠷᠠᠳ ᠲᠦᠮᠡᠨ ᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠪᠠᠶᠠᠷ ᠪᠠᠶᠠᠰᠬᠤᠯᠠᠩ ᠲᠠᠢ ᠥᠩᠭᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1