| | | ᠠᠵᠢᠯ ᠤᠨ ᠬᠤᠪᠢᠶᠠᠷᠢᠯᠠᠯ | ᠰᠢᠶᠠᠨ ᠤ ᠳᠠᠷᠤᠭ᠎ᠠ ᠶᠢ ᠬᠠᠪᠰᠤᠷᠤᠨ ᠠᠷᠠᠳ ᠤᠨ ᠶᠠᠪᠤᠳᠠᠯ᠂ ᠦᠨᠳᠦᠰᠦᠲᠡᠨ ᠤ ᠬᠡᠷᠡᠭ ᠶᠠᠪᠤᠳᠠᠯ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠯᠥᠰᠦᠨ ᠠᠵᠢᠯᠴᠢᠨ ᠤ ᠴᠠᠯᠢᠩ ᠤᠨ ᠥᠷᠢ ᠶᠢ | ᠢᠯᠭᠠᠷᠠᠭᠤᠯᠬᠤ᠂ ᠡᠮ ᠡᠮᠨᠡᠯᠭᠡ ᠶᠢᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠨᠢ᠄ ᠠᠷᠠᠳ ᠤᠨ ᠶᠠᠪᠤᠳᠠᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠠᠯᠪᠠᠨ ᠭᠡᠷ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠲᠥᠪ᠃ | ᠬᠠᠷᠢᠯᠴᠠᠬᠤ ᠨᠢ᠄ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠴᠢᠩ ᠱᠦᠢ ᠾᠧ | ᠰᠢᠶᠠᠨ ᠤ ᠵᠥᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ | ᠠᠯᠪᠠᠨ ᠭᠡᠷ᠂ ᠠᠯᠪᠠᠲᠠᠨ ᠤ ᠬᠠᠮᠢᠶᠠᠷᠤᠯᠲᠠ ᠶᠢᠨ ᠲᠣᠪᠴᠢᠶ᠎ᠠ᠂ ᠠᠬᠠᠮᠠᠳ ᠺᠠᠳ᠋ᠷᠴᠤᠳ ᠤᠨ ᠲᠣᠪᠴᠢᠶ᠎ᠠ᠃ | ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ | ᠲᠣᠪᠴᠢ ᠲᠠᠨᠢᠯᠴᠠᠭᠤᠯᠭ᠎ᠠ | ᠵᠠᠩ ᠷᠦ ᠭᠠᠩ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 7 ᠳ᠋ᠤᠭᠠᠷ ᠰᠠᠷ᠎ᠠ ᠳᠤ ᠲᠦᠷᠦᠵᠠᠢ᠂ | ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠬᠥᠮᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠰᠤᠳᠤᠯᠬᠤ ᠰᠤᠷᠤᠭᠴᠢ ᠶᠢᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ ᠶᠢᠨ ᠲᠠᠷᠢᠶᠠᠯᠠᠩ ᠤᠨ ᠤᠬᠠᠭᠠᠨ ᠤ ᠠᠰᠫᠢᠷᠠᠨᠲ᠂ 2006 ᠣᠨ ᠤ 6 ᠳ᠋ᠤᠭᠠᠷ ᠰᠠᠷ᠎ᠠ ᠳᠤ | ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ 2009 ᠣᠨ ᠤ 11 ᠳ᠋ᠦ᠋ᠭᠡᠷ ᠰᠠᠷ᠎ᠠ ᠳᠤ ᠠᠵᠢᠯ ᠳᠤ | ᠣᠷᠣᠯᠴᠠᠪᠠ᠂ ᠤᠳᠤ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠳᠤ ᠪᠤᠢ᠃ | |