︵ᠰᠤᠷᠪᠤᠯᠵᠢᠯᠠᠭᠴᠢ ᠰᠦᠩ ᠰᠢᠶᠠᠩ ᠬᠤᠸᠠ︶ 2023 ᠣᠨ ᠳᠤ᠂ ᠪᠦᠬᠦ ᠬᠤᠳᠠ ᠶᠢᠨ ᠠᠷᠠᠳ ᠤᠨ | ᠠᠮᠢᠳᠤᠷᠠᠯ ᠤᠨ ᠵᠠᠷᠤᠯᠭ᠎ᠠ 473 ᠳ᠋ᠦᠩᠰᠢᠭᠤᠷ ᠲᠥᠭᠦᠷᠢᠭ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ | ᠵᠠᠷᠤᠯᠭ᠎ᠠ ᠶᠢᠨ 79% ᠢ ᠡᠵᠡᠯᠡᠵᠦ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠤᠯᠠᠮ ᠨᠢᠭᠡ ᠠᠯᠬᠤᠮ ᠠᠬᠢᠭᠤᠯᠵᠠᠢ᠃ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ᠂ ᠤᠯᠠᠨ ᠠᠷᠭ᠎ᠠ | ᠵᠠᠮ ᠢᠶᠠᠷ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠨᠡᠶᠢᠭᠡᠮ ᠤᠨ ᠪᠠᠲᠤᠯᠠᠭ᠎ᠠ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ 2023 ᠣᠨ ᠳᠤ᠂ ᠪᠥᠬᠦ ᠬᠤᠲᠠ ᠶᠢᠨ ᠨᠡᠶᠢᠭᠡᠮ ᠤᠨ | ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 74.4 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.4% ᠨᠡᠮᠡᠭᠳᠡᠪᠡ᠃ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠯᠠᠪᠳᠠᠭᠤᠨ ᠢᠶᠠᠷ | ᠠᠬᠢᠭᠤᠯᠵᠤ᠂ ᠪᠥᠬᠦ ᠠᠷᠠᠳ ᠢ ᠬᠠᠮᠤᠷᠤᠭᠰᠠᠨ᠂ ᠪᠥᠬᠦ ᠶᠠᠪᠤᠴᠠ ᠳᠤ ᠨᠡᠪᠲᠡᠷᠡᠭᠰᠡᠨ᠂ ᠪᠥᠬᠦ ᠴᠠᠷᠠᠭ᠎ᠠ ᠶᠢ | ᠬᠠᠮᠤᠷᠤᠭᠰᠠᠨ᠂ ᠳᠥᠭᠦᠮ ᠳᠥᠲᠡ ᠥᠨᠳᠥᠷ ᠪᠦᠲᠦᠮᠵᠢᠲᠡᠶ ᠪᠥᠬᠦ ᠲᠠᠯ᠎ᠠ ᠶᠢᠨ ᠣᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠳᠤ ᠬᠦᠴᠦ ᠨᠡᠮᠡᠷᠢᠯᠡᠪᠡ᠃ ᠬᠦᠴᠢᠷᠳᠡᠯ ᠲᠠᠢ ᠤᠯᠠᠨ | ᠲᠦᠮᠡᠨ ᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠳᠠ ᠶᠢᠨ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠥᠨᠥᠴᠢᠨ ᠬᠡᠦᠬᠡᠳ ᠵᠡᠷᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠦᠴᠢᠷᠳᠡᠯ ᠲᠠᠢ ᠤᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠪᠡᠯᠡ ᠮᠥᠩᠭᠦ ᠶᠢ ᠴᠠᠭ | ᠲᠤᠬᠠᠢ ᠳᠤᠨᠢ ᠰᠠᠯᠭᠠᠨ ᠥᠭᠴᠦ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ | ︽ᠣᠷᠣᠢ ᠶᠢ ᠨᠢ ᠨᠡᠮᠡᠨ ᠬᠥᠨᠳᠡᠢ ᠶᠢ ᠨᠢ ᠨᠥᠬᠦᠵᠦ︾ ᠣᠷᠣᠨ ᠤ ᠲᠥᠪ ᠤᠨ ᠰᠤᠷᠭᠠᠨ ᠬᠥᠮᠦᠵᠢᠯ ᠢ | ᠬᠦᠴᠦᠷᠬᠡᠭᠵᠢᠭᠦᠯᠪᠡ᠃ ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠠᠷᠤᠯᠭ᠎ᠠ 67.8 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠨ᠂ ᠳᠤᠮᠳᠠᠳᠤ ᠪᠠᠭ᠎ᠠ ᠰᠤᠷᠭᠠᠭᠤᠯᠢ ᠪᠠ | ᠬᠡᠦᠬᠡᠳ ᠤᠨ ᠴᠡᠴᠡᠷᠯᠢᠭ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠬᠤ ᠶᠢ ᠳᠡᠮᠵᠢᠵᠦ᠂ ᠨᠠᠷᠠᠲᠤ ᠪᠠᠭᠰᠢ᠂ ᠨᠠᠷᠠᠲᠤ | ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠠᠵᠢᠯᠯᠠᠬᠤ ᠲᠠᠰᠤᠭ ᠢ ᠡᠭᠦᠳᠦᠨ ᠪᠠᠶᠢᠭᠤᠯᠵᠤ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ᠂ ᠢᠯᠢ ᠶᠢᠨ ᠡᠷᠡᠭᠦᠯ ᠮᠡᠨᠳᠦ ᠶᠢᠨ | ᠬᠥᠨᠳᠡᠢ ᠭᠤᠷᠪᠠᠨ ᠰᠤᠷᠭᠠᠭᠤᠯᠢ ᠶᠢ ᠪᠦᠲᠦᠭᠡᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠬᠠᠷᠢᠶᠠᠲᠤ ᠳᠤᠮᠳᠠᠳᠤ ᠰᠤᠷᠭᠠᠭᠤᠯᠢ᠂ ᠭᠤᠴᠢᠳᠤᠭᠠᠷ ᠳᠤᠮᠳᠠᠳᠤ ᠰᠤᠷᠭᠠᠭᠤᠯᠢ ᠪᠠ ᠠᠷᠪᠠᠨ ᠳᠥᠷᠪᠡᠳᠦᠭᠡᠷ ᠳᠤᠮᠳᠠᠳᠤ | ᠰᠤᠷᠭᠠᠭᠤᠯᠢ ᠶᠢᠨ ᠲᠠᠯᠠᠪᠠᠶ ᠣᠷᠳᠣᠨ ᠤ ᠲᠥᠬᠦᠭᠡᠷᠦᠮᠵᠢ ᠵᠡᠷᠭᠡ ᠶᠢ ᠲᠡᠭᠦᠯᠳᠡᠷᠵᠢᠭᠦᠯᠪᠡ᠃ | ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠪᠥᠬᠦ ᠬᠤᠲᠠ ᠶᠢᠨ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠤᠨ ᠵᠠᠭᠤᠴᠢᠯᠠᠭᠤᠷ ᠤᠨ ᠵᠠᠷᠤᠯᠭ᠎ᠠ 11.9 ᠳ᠋ᠦᠩᠰᠢᠭᠤᠷ ᠲᠥᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 91.9% ᠪᠠᠷ ᠨᠡᠮᠡᠭᠳᠡᠨ᠂ ᠵᠢᠭᠤᠯᠴᠢᠯᠠᠯ ᠤᠨ ᠬᠥᠭᠵᠢᠯᠲᠡ᠂ ᠰᠣᠶᠣᠯ | ᠦᠵᠡᠰᠬᠦᠯᠡᠩ ᠤᠨ ᠲᠠᠯᠠᠪᠠᠶ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ᠂ ᠳᠠᠭᠤᠤ ᠬᠥᠭᠵᠢᠮ ᠤᠨ | ᠤᠯᠠᠷᠢᠯ᠂ ᠮᠥᠰᠥ ᠴᠠᠰᠤᠨ ᠤ ᠨᠠᠶᠢᠷ᠂ ᠮᠠᠷᠠᠽᠤᠨ ᠵᠡᠷᠭᠡ ᠠᠵᠢᠯᠯᠠᠭ᠎ᠠ ᠳᠤ ᠪᠠᠲᠤᠯᠠᠭ᠎ᠠ ᠬᠠᠩᠭᠠᠪᠠ᠃ | ︽ᠪᠥᠬᠦ ᠦᠶᠡᠯᠡᠯ ᠤᠨ ᠬᠤᠭᠤᠴᠠᠭ᠎ᠠ︾ ᠶᠢ ᠳᠡᠮᠵᠢᠵᠦ ᠣᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠪᠠ᠃ | ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 41.7 ᠳ᠋ᠦᠩᠰᠢᠭᠤᠷ ᠲᠥᠭᠦᠷᠢᠭ ᠬᠦᠷᠴᠦ᠂ ᠤᠯᠤᠰ ᠠᠴᠠ | ᠲᠣᠭᠲᠠᠭᠠᠭᠰᠠᠨ ᠰᠡᠷᠭᠡᠶᠢᠯᠡᠬᠦ ᠲᠠᠷᠢᠯᠭ᠎ᠠ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠳᠡᠮᠵᠢᠨ ᠬᠡᠷᠡᠭᠵᠢᠭᠦᠯᠵᠦ᠂ | ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ | ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ | ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠰᠠᠯᠠᠭᠠᠨ ᠤ ᠲᠣᠮᠣ ᠠᠰᠠᠷ ᠤᠨ ᠪᠦᠲᠦᠭᠡᠨ ᠪᠠᠶᠢᠭᠤᠯᠤᠯᠲᠠ ᠵᠡᠷᠭᠡ ᠳᠤ | ᠪᠠᠲᠤᠯᠠᠭ᠎ᠠ ᠬᠠᠩᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ | ᠦᠭᠡᠢ ᠨᠡᠮᠡᠭᠳᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠪᠡ᠃ |