ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠭᠦᠢᠴᠡᠳᠬᠡᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/21
     ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷ ᠭᠦᠢᠴᠡᠳᠬᠡᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠪᠥᠬᠦ ᠬᠤᠲᠠ ᠶᠢᠨ ᠲᠣᠪᠴᠢᠶ᠎ᠠ ᠶᠢᠨ ᠬᠤᠭᠤᠷᠣᠨᠳᠣᠬᠢ ᠴᠢᠬᠤᠯᠠ ᠶᠡᠭᠡ ᠲᠥᠷᠥᠯ ᠵᠦᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠭᠦᠢᠴᠡᠳ ᠠᠰᠢᠭᠯᠠᠵᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠬᠦ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ︔ ᠣᠲᠣ ᠶᠢᠨ ᠪᠠᠶᠢᠭ᠎ᠠ ︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ︿ᠲᠤᠶᠢᠯ ᠤᠨ ᠲᠥᠬᠦᠮ ᠬᠢᠨᠠᠨ ᠵᠥᠪᠰᠢᠶᠡᠷᠡᠯ﹀ ᠤᠨ ᠠᠷᠭ᠎ᠠ ᠬᠡᠮᠵᠢᠶ᠎ᠡ ᠨᠦᠭᠦᠳ︾ ᠤᠨ ᠰᠠᠭᠤᠷᠢᠨ ᠳᠡᠭᠡᠷ᠎ᠡ ᠠᠵᠢᠯᠯᠠᠬᠤ ᠠᠷᠭ᠎ᠠ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠬᠠᠤᠯᠢ ᠲᠣᠭᠲᠠᠭᠠᠯ ᠳᠤ ᠨᠡᠶᠢᠴᠡᠬᠦ ᠵᠠᠷᠴᠢᠮ ᠤᠨ ᠳᠣᠣᠷ᠎ᠠ ᠬᠢᠨᠠᠨ ᠵᠥᠪᠰᠢᠶᠡᠷᠡᠬᠦ ᠶᠠᠪᠤᠴᠠ ᠶᠢ ᠲᠥᠬᠦᠮ ᠪᠣᠯᠭᠠᠬᠤ ᠶᠢ ᠲᠥᠬᠦᠮ ᠪᠣᠯᠭᠠᠵᠤ᠂ ᠭᠤᠭᠴᠤᠭ᠎ᠠ ᠶᠢ ᠴᠥᠭᠡᠳᠬᠡᠵᠦ ᠪᠣᠯᠬᠤ ᠶᠢ ᠴᠥᠭᠡᠳᠬᠡᠵᠦ᠂ ᠠᠵᠢᠯ ᠶᠠᠪᠤᠳᠠᠯ ᠭᠦᠢᠴᠡᠳᠬᠡᠬᠦ ᠳᠤ ᠲᠦᠷᠭᠡᠨ ᠪᠣᠯᠭᠠᠬᠤ ᠶᠢ ᠲᠦᠷᠭᠡᠨ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ︔ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠤᠨ ᠲᠣᠬᠢᠷᠠᠭᠤᠯᠤᠯᠲᠠ ᠶᠢᠨ ᠲᠣᠭᠠᠴᠢᠯᠠᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠠᠷ ᠭᠦᠢᠴᠡᠳᠬᠡᠯ ᠭᠦᠢᠴᠡᠳᠬᠡᠭᠰᠡᠨ ᠪᠠᠶᠢᠳᠠᠯ ᠢ ᠡᠳᠦᠷ ᠪᠦᠷᠢ ᠮᠡᠳᠡᠭᠳᠡᠵᠦ᠂ ᠤᠯᠠᠨ ᠲᠠᠯ᠎ᠠ ᠪᠠᠷ ᠬᠦᠴᠦᠯᠡᠵᠦ᠂ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠴᠢᠬᠤᠯᠠ ᠶᠡᠭᠡ ᠲᠦᠷᠦᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠵᠦ ᠳᠠᠭᠤᠰᠬᠠᠭᠰᠠᠨ ᠨᠤᠷᠮ᠎ᠠ ᠶᠢ ᠨᠢᠭᠡᠳᠦᠭᠡᠷ ᠤᠯᠠᠷᠢᠯ ᠳᠤ 100% ᠬᠦᠷᠭᠡᠬᠦ ᠶᠢ ᠪᠠᠲᠤᠯᠠᠵᠤ᠂ ᠬᠤᠳᠠ ᠶᠢᠨ ᠲᠡᠰ ᠤᠨ ᠴᠢᠬᠤᠯᠠ ᠶᠡᠭᠡ ᠲᠦᠷᠦᠯ ᠵᠦᠢᠯ ᠤᠨ ᠡᠯ᠎ᠡ ᠵᠦᠢᠯ ᠤᠨ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠪᠦᠬᠦ ᠬᠤᠳᠠ ᠶᠢᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠲᠦᠷᠭᠡᠨ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1