| | | ᠰᠢᠯᠢᠳᠡᠭ ᠴᠢᠳᠠᠪᠤᠷᠢᠲᠠᠨ ᠤ ᠡᠬᠢ ᠪᠠᠶᠠᠯᠢᠭ ᠢ ᠣᠷᠣᠭᠤᠯᠤᠨ ᠠᠪᠴᠢᠷᠠᠬᠤ ᠪᠣᠯ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠮᠠᠨ ᠤ | ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠲᠠᠪᠠᠯᠳᠠᠳᠤ ᠮᠠᠶ᠋ᠢᠭ ᠤᠨ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠣᠯᠭᠤᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ 3 ᠳ᠋ᠤᠭᠠᠷ | ᠰᠠᠷ᠎ᠠ ᠶᠢᠨ 14 ᠤ ᠡᠳᠦᠷ᠂ ᠴᠢᠩ ᠱᠦᠢ ᠾᠧ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ | ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠡᠩ ᠤᠨ ᠭᠠᠳᠠᠷ ᠰᠠᠯᠠᠭᠠᠨ ᠤ ᠵᠠᠩ ᠵᠢᠶᠦ᠋ᠨ ᠵᠢᠩ | ᠳ᠋ᠣᠺᠲ᠋ᠣᠷ ᠤᠨ ᠠᠵᠢᠯᠯᠠᠬᠤ ᠥᠷᠲᠡᠭᠡ ᠪᠣᠯᠬᠤ ᠴᠢᠩ ᠱᠦᠢ ᠾᠧ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ | ᠬᠤᠷᠢᠶᠠᠨ ᠤ ᠬᠤᠪᠢᠶᠠᠷᠢ ᠥᠷᠲᠡᠭᠡ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠬᠤᠸ ᠰᠢᠶᠣᠣ | ᠴᠢᠶᠠᠩ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠳᠠᠷᠤᠭ᠎ᠠ ᠵᠠᠩ ᠵᠢᠶᠦ᠋ᠨ ᠵᠢᠩ᠂ ᠰᠢᠶᠠᠨ ᠤ | ᠤᠳᠤᠷᠢᠳᠤᠯᠭ᠎ᠠ ᠱᠢ ᠶᠦᠩ ᠫᠢᠩ᠂ ᠮᠠ ᠵᠢᠶᠠᠨ ᠴᠦᠨ᠂ ᠵᠠᠩ ᠷᠦ ᠭᠠᠩ ᠵᠢᠴᠢ ᠰᠢᠶᠠᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠢᠲᠠᠳ ᠮᠣᠩᠭᠤᠯ ᠤᠨ ᠡᠮᠨᠡᠯᠭᠡ ᠶᠢᠨ | ᠬᠤᠷᠢᠶᠠᠨ ᠤ ᠤᠳᠤᠷᠢᠳᠬᠤ ᠪᠠᠭ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠪᠦᠷᠢᠯᠳᠦᠭᠦᠨ ᠫᠠᠶᠢᠰᠠ ᠣᠯᠭᠤᠬᠤ | ᠶᠣᠰᠣᠯᠠᠯ ᠳᠤ ᠣᠷᠣᠯᠴᠠᠵᠤ᠂ ᠳ᠋ᠣᠺᠲ᠋ᠣᠷᠠᠨᠲ ᠤᠨ ᠠᠵᠢᠯ ᠤᠨ ᠬᠤᠪᠢᠶᠠᠷᠢ ᠥᠷᠲᠡᠭᠡ ᠪᠠᠶᠢᠭᠤᠯᠤᠭᠳᠠᠬᠤ ᠴᠢᠬᠤᠯᠠ | ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃ | | | | | | | | ᠲᠤᠬᠠᠢ ᠶᠢᠨ ᠲᠠᠯᠠᠪᠠᠢ ᠳᠤ᠂ ᠵᠠᠩ ᠵᠢᠶᠦ᠋ᠨ ᠵᠢᠩ ᠳ᠋ᠣᠺᠲ᠋ᠣᠷ ᠤᠨ ᠠᠵᠢᠯ ᠤᠨ ᠦᠷᠳᠡᠭᠡ ᠶᠢᠨ ᠬᠥᠭᠵᠢᠯᠲᠡ | ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠬᠤᠶᠢᠰᠢᠳᠠ ᠥᠪᠡᠷ ᠤᠨ | ᠪᠦᠯᠬᠦᠮ ᠤᠨ ᠢᠶᠠᠨ ᠡᠯ᠎ᠡ ᠵᠦᠢᠯ ᠤᠨ ᠰᠢᠨ᠎ᠡ ᠮᠡᠷᠭᠡᠵᠢᠯ ᠢ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ | ᠬᠤᠷᠢᠶ᠎ᠠ ᠳᠤ ᠥᠷᠭᠡᠨ ᠢᠶᠠᠷ ᠳᠡᠯᠭᠡᠷᠡᠭᠦᠯᠵᠦ᠂ ᠡᠭᠦᠨ ᠢᠶᠠᠷ ᠡᠮᠨᠡᠯᠭᠡ ᠶᠢᠨ ᠬᠤᠷᠢᠶ᠎ᠠ ᠶᠢ ᠳᠠᠶᠢᠴᠢᠯᠠᠨ ᠬᠤᠯᠪᠣᠭᠳᠠᠯ | ᠪᠦᠬᠦᠢ ᠣᠨᠣᠰᠢᠯᠠᠨ ᠡᠮᠨᠡᠬᠦ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠢᠩ ᠱᠦᠢ | ᠾᠧ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠵᠠᠰᠠᠬᠤ ᠬᠢᠷᠢ ᠲᠦᠪᠰᠢᠨ ᠢ ᠰᠢᠨ᠎ᠡ | ᠨᠢᠭᠡᠨ ᠳᠡᠭᠲᠡᠷ ᠲᠤ ᠭᠠᠷᠭᠠᠨ᠎ᠠ ᠭᠡᠵᠡᠢ᠃ | | | | | ᠳᠠᠷᠠᠭ᠎ᠠ ᠪᠠᠷ ᠨᠢ ᠳ᠋ᠣᠺᠲ᠋ᠣᠷ ᠤᠨ ᠠᠵᠢᠯ ᠤᠨ ᠥᠷᠲᠡᠭᠡᠨ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠤᠭᠰᠠᠨ | ᠪᠥᠭᠡᠳ ᠲᠤᠰᠬᠠᠢ ᠮᠡᠷᠭᠡᠵᠢᠯ ᠤᠨ ᠡᠷᠳᠡᠮ ᠰᠢᠨᠵᠢᠯᠡᠭᠡᠨ ᠤ ᠲᠠᠶᠢᠯᠤᠮᠵᠢ ᠬᠢᠵᠡᠢ᠃ | ᠴᠢᠩ ᠱᠦᠢ ᠾᠧ ᠰᠢᠶᠠᠨ ᠤ ᠬᠢᠨ ᠡᠨᠡᠬᠦ ᠳ᠋ᠣᠺᠲ᠋ᠣᠷ ᠤᠨ ᠠᠵᠢᠯ ᠤᠨ ᠬᠤᠪᠢᠶᠠᠷᠢ ᠦᠷᠳᠡᠭᠡ ᠪᠠᠶᠢᠭᠤᠯᠬᠤ ᠪᠠᠷ | ᠠᠵᠠ ᠲᠣᠬᠢᠶᠠᠯ ᠪᠣᠯᠭᠠᠵᠤ᠂ ᠠᠵᠠ ᠲᠣᠬᠢᠶᠠᠯ ᠢ ᠠᠮᠵᠢᠵᠤ᠂ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠲᠠᠢ | ᠡᠷᠳᠡᠮ ᠰᠢᠨᠵᠢᠯᠡᠭᠡ᠂ ᠲᠤᠬᠠᠶᠢᠯᠠᠭᠰᠠᠨ ᠠᠵᠢᠯ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠴᠢᠩᠭᠠᠳᠬᠠᠵᠤ᠂ ᠡᠮ ᠡᠮᠨᠡᠯᠭᠡ ᠶᠢᠨ ᠶᠠᠰᠤ ᠴᠢᠨᠠᠷ ᠪᠣᠯᠣᠨ ᠮᠡᠷᠭᠡᠵᠢᠯ ᠤᠨ | ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠲᠦᠮᠡᠨ ᠳᠤ ᠰᠢᠯᠢᠳᠡᠭ ᠰᠠᠶᠢᠨ ᠡᠮ | ᠡᠮᠨᠡᠯᠭᠡ ᠶᠢᠨ ᠦᠢᠯᠡᠴᠢᠯᠡᠭᠡ ᠬᠠᠩᠭᠠᠵᠤ᠂ ᠮᠠᠨ ᠤ ᠰᠢᠶᠠᠨ ᠤ ᠡᠮ ᠡᠮᠨᠡᠯᠭᠡ ᠶᠢᠨ ᠦᠢᠯᠡᠰ ᠤᠨ ᠰᠢᠨ᠎ᠡ ᠳᠡᠭᠲᠡᠷ ᠲᠤ | ᠭᠠᠷᠬᠤ ᠶᠢ ᠳᠠᠶᠢᠴᠢᠯᠠᠬᠤ ᠪᠣᠯᠣᠨ᠎ᠠ᠃ |