2024 ᠣᠨ ᠤ ᠪᠥᠬᠦ ᠬᠤᠲᠠ ᠶᠢᠨ ᠨᠢᠭᠡᠳᠦᠭᠡᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/26
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 3 ᠰᠠᠷ᠎ᠠ ᠶᠢᠨ 22 ᠤᠨ ᠡᠳᠦᠷ᠂ 2024 ᠣᠨ ᠤ ᠪᠥᠬᠦ ᠬᠤᠲᠠ ᠶᠢᠨ ᠨᠢᠭᠡᠳᠦᠭᠡᠷ ᠤᠳᠠᠭ᠎ᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠵᠠᠳᠠᠯᠤᠯᠲᠠ ᠦᠨᠡᠯᠡᠯᠲᠡ ᠪᠠ ᠪᠣᠳᠠᠲᠠᠢ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ᠂ ᠠᠵᠤ ᠠᠬᠤᠢ ᠶᠢᠨ ᠠᠵᠢᠯᠯᠠᠭᠠᠨ᠂ ᠦᠢᠯᠡᠴᠢᠯᠡᠭᠡᠨ ᠤ ᠦᠢᠯᠡᠰ ᠤᠨ ᠠᠵᠢᠯᠯᠠᠭᠠᠨ ᠤ ᠪᠠᠶᠢᠳᠠᠯ ᠢ ᠵᠠᠳᠠᠯᠪᠠ︔ ᠶᠡᠷᠦᠩᠬᠡᠶᠢᠯᠡᠭᠰᠡᠨ ᠠᠵᠤ ᠠᠬᠤᠢ᠂ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠢ ᠦᠨᠡᠯᠡᠬᠦ ᠶᠢᠨ ᠬᠠᠮᠲᠤ ᠲᠣᠬᠢᠷᠠᠭᠤᠯᠤᠨ ᠪᠠᠶᠢᠷᠢᠯᠠᠭᠤᠯᠪᠠ᠃      ᠾᠧ ᠬᠠᠢ ᠳ᠋ᠦᠩ ᠱᠠᠭᠠᠷᠳᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠭᠠᠷᠭᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠣᠳᠣᠬᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠡᠮᠦᠨᠡᠬᠢ ᠬᠤᠭᠤᠴᠠᠭᠠᠨ ᠤ ᠠᠵᠢᠯ᠂ ᠪᠦᠲᠦᠭᠡᠨ ᠪᠠᠶᠢᠭᠤᠯᠤᠯᠲᠠ᠂ ᠪᠦᠷᠢᠳᠬᠡᠯ  ᠳᠤ ᠣᠷᠣᠭᠤᠯᠬᠤ ᠠᠵᠢᠯ ᠢ ᠨᠠᠷᠢᠯᠢᠭ ᠪᠣᠳᠠᠲᠠᠢ ᠬᠢᠵᠦ᠂ ᠪᠠᠷᠢᠮᠵᠢᠶ᠎ᠠ ᠲᠠᠢ ᠬᠠᠷᠢᠴᠠᠭᠤᠯᠤᠨ ᠬᠦᠰᠦᠨᠦᠭᠲᠦ ᠲᠠᠢ ᠬᠠᠷᠭᠤᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ︽ᠬᠤᠷᠳᠤᠳᠬᠠᠯ︾ ᠵᠠᠭᠪᠤᠷ ᠢ ᠪᠥᠬᠦ ᠬᠦᠴᠦᠨ ᠢᠶᠠᠷ ᠢᠶᠠᠨ ᠡᠬᠢᠯᠡᠭᠦᠯᠵᠦ᠂ ᠬᠤᠳᠠᠯᠳᠤᠭᠠᠴᠢᠨ ᠤᠷᠢᠬᠤ ︽ᠰᠢᠵᠢᠷ ᠠᠯᠲᠠᠨ ᠬᠤᠭᠤᠴᠠᠭ᠎ᠠ︾ ᠶᠢ ᠠᠳᠬᠤᠨ᠂ ᠵᠣᠯᠭᠠᠭᠤᠯᠬᠤ᠂ ᠠᠬᠢᠭᠤᠯᠬᠤ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠷᠠᠯᠲᠠ ᠪᠠᠨ ᠠᠩᠬᠠᠷᠤᠨ ᠪᠡᠷᠬᠡᠰᠢᠶᠡᠬᠦ ᠦᠭᠡᠢ ᠪᠠᠶᠢᠵᠤ᠂ ᠳᠣᠲᠣᠭᠠᠳᠤ ᠠᠷᠠᠯᠵᠢᠶ᠎ᠠ᠂ ᠭᠠᠳᠠᠭᠠᠳᠤ ᠠᠷᠠᠯᠵᠢᠶ᠎ᠠ ᠬᠤᠶᠠᠷ ᠲᠠᠯ᠎ᠠ ᠳᠤ ᠦᠷᠭᠦᠯᠵᠢᠯᠡᠨ ᠬᠦᠴᠦᠯᠡᠬᠦ ᠬᠡᠷᠡᠭᠲᠡᠢ᠃ ᠬᠠᠮᠲᠤᠪᠠᠷ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠵᠦ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ᠂ ᠵᠠᠮ ᠬᠠᠷᠢᠯᠴᠠᠭ᠎ᠠ᠂ ᠬᠤᠳᠠ ᠶᠢᠨ ᠨᠣᠭᠤᠭᠠᠷᠠᠭᠤᠯᠤᠯᠲᠠ᠂ ᠬᠠᠯᠠᠭᠤᠨ ᠳᠤᠯᠠᠭᠠᠨ ᠤ ᠢᠨᠵᠧᠨᠧᠷᠢᠩ ᠵᠡᠷᠭᠡ ᠲᠦᠷᠦᠯ ᠵᠦᠢᠯ ᠳᠤ ᠭᠤᠣᠯᠳᠠᠯᠭ᠎ᠠ ᠲᠠᠢ ᠪᠠᠷ ᠬᠦᠴᠦᠯᠡᠵᠦ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠮᠤᠷ ᠲᠦᠪᠰᠢᠨ᠂ ᠲᠦᠷᠭᠡᠨ᠂ ᠠᠷᠢᠭᠤᠨ ᠴᠢᠬᠡᠴᠢ ᠪᠠᠷ ᠠᠬᠢᠭᠤᠯᠬᠤ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠬᠡᠷᠡᠭᠵᠢᠭᠦᠯᠬᠦ ᠡᠭᠦᠷᠭᠡ ᠶᠢ ᠲᠥᠯᠥᠪᠯᠡᠭᠡ ᠶᠣᠰᠣᠭᠠᠷ ᠪᠡᠶᠡᠯᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠳᠤ ᠡᠪᠡᠰᠦ ᠲᠠᠷᠢᠬᠤ᠂ ᠤᠢ ᠰᠢᠭᠤᠢ ᠶᠢ ᠠᠷᠠᠴᠢᠯᠠᠨ ᠪᠣᠶᠢᠵᠢᠭᠤᠯᠬᠤ ᠵᠡᠷᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠠᠮᠤᠷ ᠲᠦᠪᠰᠢᠨ ᠲᠣᠭᠲᠠᠭᠤᠨ ᠤ ᠠᠵᠢᠯ ᠢ ᠪᠣᠳᠠᠲᠠᠢ ᠨᠠᠷᠢᠯᠢᠭ ᠠᠳᠬᠤᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠠᠵᠢᠯ ᠢ ᠴᠢᠨᠠᠷ ᠰᠠᠶᠢᠲᠠᠢ ᠦᠷ᠎ᠡ ᠪᠦᠲᠦᠮᠵᠢᠲᠡᠢ ᠥᠷᠨᠢᠭᠦᠯᠵᠦ᠂ ᠡᠬᠢ ᠰᠤᠷᠪᠤᠯᠵᠢ ᠳᠤᠨᠢ ᠰᠢᠢᠳᠪᠦᠷᠢᠯᠡᠬᠦ ᠨᠤᠷᠮ᠎ᠠ ᠶᠢ ᠴᠢᠩᠭ᠎ᠠ ᠠᠳᠬᠤᠬᠤ ᠳᠡᠭᠡᠷ᠎ᠡ ᠬᠦᠴᠦ ᠲᠠᠯᠪᠢᠵᠤ᠂ ᠦᠨᠡᠨᠬᠦ ᠰᠠᠨᠠᠭᠠᠴᠢᠯᠠᠭ᠎ᠠ ᠠᠴᠠ ᠪᠠᠨ ᠵᠠᠰᠠᠵᠤ᠂ ᠲᠤᠭ᠎ᠠ ᠬᠡᠮᠵᠢᠶ᠎ᠡ ᠶᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠵᠢᠢ ᠹᠧᠢ᠂ ᠸᠠᠩ ᠰᠢᠨ ᠢᠦᠢ᠂ ᠵᠢᠶᠣᠣ ᠬᠤᠩ᠂ ᠮᠠ ᠪᠢᠩ ᠴᠢᠤᠸᠠᠨ᠂ ᠹᠦ᠋ ᠶᠢᠨ ᠽᠠᠢ ᠬᠤᠷᠠᠯ ᠳᠤ ᠣᠷᠣᠯᠴᠠᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1