ᠴᠢᠩ ᠱᠦᠢ ᠾᠧ ᠰᠢᠶᠠᠨ ᠤ ᠬᠢᠨ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠢᠴᠢ ᠬᠠᠤᠯᠢᠵᠢᠯ ᠢᠶᠠᠷ ᠰᠢᠢᠳᠪᠦᠷᠢᠯᠡᠬᠦ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
     3 ᠳ᠋ᠤᠭᠠᠷ ᠰᠠᠷ᠎ᠠ ᠶᠢᠨ 21 ᠤ ᠡᠳᠦᠷ᠂ ᠴᠢᠩ ᠱᠦᠢ ᠾᠧ ᠰᠢᠶᠠᠨ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠢᠴᠢ ᠬᠠᠤᠯᠢᠵᠢᠯ ᠢᠶᠠᠷ ᠰᠢᠢᠳᠪᠦᠷᠢᠯᠡᠬᠦ ᠠᠵᠢᠯ ᠤᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠵᠤ᠂ ᠪᠦᠬᠦ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠯᠡᠯᠲᠡ ᠶᠢ ᠬᠠᠤᠯᠢ ᠪᠠᠷ ᠵᠠᠰᠠᠬᠤ ᠶᠢ ᠠᠬᠢᠭᠤᠯᠪᠠ᠃ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠠ ᠪᠣᠳᠠᠲᠠᠢ ᠠᠵᠢᠯᠲᠠᠨ᠂ ᠰᠢᠶᠠᠨ᠂ ᠰᠢᠶᠠᠩ ︵ᠲᠣᠰᠬᠤᠨ︶ ᠬᠤᠶᠠᠷ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠪᠦᠬᠦ ᠣᠷᠣᠯᠠᠨ ᠭᠦᠢᠴᠡᠳᠭᠡᠭᠴᠢ᠂ ᠰᠦᠯᠵᠢᠶᠡᠨ ᠤ ᠠᠵᠢᠯᠲᠠᠨ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠪᠦᠬᠦ ᠺᠠᠳ᠋ᠷ ᠪᠣᠯᠪᠠᠰᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠤᠨ ᠰᠣᠷᠪᠤᠯᠵᠢᠯᠠᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠰᠠᠨᠠᠯ︾ ᠤᠨ ᠲᠣᠭᠤᠷᠢᠨ ᠳᠤ ᠲᠠᠶᠢᠯᠤᠮᠵᠢ ᠬᠢᠵᠦ᠂ ᠵᠢᠷᠤᠮᠵᠢᠭᠤᠯᠤᠨ ᠰᠢᠢᠳᠪᠦᠷᠢᠯᠡᠬᠦ᠂ ᠣᠷᠣᠯᠠᠨ ᠭᠦᠢᠴᠡᠳᠬᠡᠭᠰᠡᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ᠂ ᠵᠠᠬᠢᠳᠠᠯ ᠰᠣᠷᠪᠤᠯᠵᠢᠯᠠᠭ᠎ᠠ ᠶᠢ ᠬᠠᠤᠯᠢ ᠪᠠᠷ ᠵᠠᠰᠠᠬᠤ ᠵᠡᠷᠭᠡ ᠲᠠᠯ᠎ᠠ ᠪᠠᠷ ᠮᠠᠰᠢ ᠴᠢᠩᠭ᠎ᠠ ᠦᠢᠯᠡᠳᠦᠯᠭᠡ ᠶᠢᠨ ᠴᠢᠨᠠᠷᠲᠠᠢ ᠪᠠ ᠵᠢᠯᠤᠭᠤᠳᠬᠤ ᠴᠢᠨᠠᠷᠲᠠᠢ ᠪᠣᠯᠪᠠᠰᠤᠷᠠᠭᠤᠯᠤᠯ ᠢ ᠥᠷᠨᠢᠭᠦᠯᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᡁᠢ ᠺᠦᠢ ᠬᠤᠷᠠᠯ ᠢ ᠡᠷᠬᠢᠯᠡᠭᠰᠡᠨ ᠪᠥᠭᠡᠳ ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠵᠣᠷᠢᠭ ᠰᠠᠨᠠᠭᠠᠨ ᠤ ᠭᠤᠣᠯ ᠰᠠᠨᠠᠭ᠎ᠠ ᠶᠢ ᠣᠶᠢᠯᠠᠭᠠᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯ ᠢᠶᠠᠨ ᠲᠠᠬᠢᠨ ᠳ᠋ᠦᠩᠨᠡᠵᠦ ᠳ᠋ᠦᠩᠨᠡᠬᠦ ᠬᠡᠷᠡᠭᠲᠡᠢ︔ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠠᠨ ᠭᠦᠢᠴᠡᠳᠬᠡᠬᠦ ᠦᠢᠯᠡᠳᠦᠯ ᠢ ᠪᠠᠳᠠᠷᠠᠭᠤᠯᠵᠤ᠂︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠪᠣᠯᠪᠠᠰᠤᠷᠠᠭᠤᠯᠤᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠠᠵᠢᠯᠯᠠᠭᠠᠨ ᠤ ᠴᠢᠨᠠᠷ ᠢᠶᠠᠷ ᠴᠢᠩᠭ᠎ᠠ ᠪᠠᠶᠢᠳᠠᠭ᠂ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠤᠨ ᠪᠣᠳᠠᠲᠠᠢ ᠪᠣᠯᠪᠠᠰᠤᠷᠠᠯ ᠤᠨ ᠤᠷ᠎ᠠ ᠴᠢᠳᠠᠪᠤᠷᠢ ᠪᠣᠯᠭᠠᠨ ᠬᠤᠪᠢᠷᠠᠭᠤᠯᠵᠤ᠂ ᠴᠢᠩ ᠱᠦᠢ ᠾᠧ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠤ ᠬᠦᠴᠦᠨ ᠨᠡᠮᠡᠷᠢᠯᠡᠵᠦ᠂ ᠬᠠᠤᠯᠢ ᠪᠠᠷ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1