ᠴᠢᠩ ᠱᠦᠢ ᠾᠧ ᠰᠢᠶᠠᠨ 2024 ᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
     3 ᠳ᠋ᠤᠭᠠᠷ ᠰᠠᠷ᠎ᠠ ᠶᠢᠨ 26 ᠤ ᠡᠳᠦᠷ᠂ ᠴᠢᠩ ᠱᠦᠢ ᠾᠧ ᠰᠢᠶᠠᠨ 2024 ᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠪᠥᠬᠦ ᠰᠢᠶᠠᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠵᠤ ᠨᠡᠷᠡᠶᠢᠳᠬᠦ ᠬᠠᠮᠢᠶᠠᠷᠤᠯᠲᠠ ᠶᠢᠨ ᠠᠷᠭ᠎ᠠ︾ ᠪᠠ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠰᠢᠯᠭᠠᠨ ᠦᠨᠡᠯᠡᠬᠦ ᠪᠠᠷᠢᠮᠵᠢᠶ᠎ᠠ︾ ᠳᠤ ᠪᠣᠯᠪᠠᠰᠤᠷᠠᠭᠤᠯᠤᠯ ᠬᠢᠵᠦ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠳᠠᠯ ᠢ ᠲᠣᠳᠣᠷᠬᠠᠢ ᠲᠠᠨᠢᠵᠤ᠂ ᠶᠡᠭᠡ ᠬᠠᠨᠳᠤᠰᠢ ᠶᠢ ᠡᠵᠡᠮᠳᠡᠵᠦ᠂ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠳᠦᠨ ᠪᠠᠶᠢᠭᠤᠯᠬᠤ ᠠᠵᠢᠯ ᠤᠨ ᠲᠡᠭᠦᠰ ᠠᠮᠵᠢᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠳᠤᠲᠠᠭᠤᠳᠠᠯ ᠢᠶᠠᠨ ᠴᠠᠭ ᠲᠤᠬᠠᠢ ᠳᠤᠨᠢ ᠨᠥᠬᠦᠪᠦᠷᠢᠯᠡᠵᠦ᠂ ︽ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ︾ ᠢ ᠴᠢᠷᠮᠠᠶᠢᠨ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠠᠷ ᠪᠣᠶ ᠪᠣᠯᠭᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠵᠠᠩᠭᠢᠯᠠᠭ᠎ᠠ ᠶᠢ ᠠᠳᠬᠤᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠨ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠳᠤ ᠣᠷᠣᠯᠴᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1