ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
     ︵ᠰᠤᠷᠪᠤᠯᠵᠢᠯᠠᠭᠴᠢ ᠯᠢᠦᠢ ᠬᠤᠢ ᠱᠧᠩ︶ 3 ᠳ᠋ᠤᠭᠠᠷ ᠰᠠᠷ᠎ᠠ ᠶᠢᠨ 6 ᠤ ᠡᠳᠦᠷ᠂ ᠪᠥᠬᠦ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ︽ᠬᠠᠮᠤᠭ ᠤᠨ ᠰᠠᠶᠢᠬᠠᠨ ᠭᠠᠵᠠᠷ︾ ᠤᠨ ᠪᠠᠷᠢᠮᠵᠢᠶ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠬᠦᠴᠦᠨ ᠢᠶᠠᠷ ᠢᠶᠠᠨ ᠨᠢᠭᠡᠳᠦᠮᠡᠯ ᠹᠷᠣᠨᠲ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠨᠡᠩ ᠣᠨᠣᠪᠴᠢᠲᠠᠶ ᠴᠢᠩᠭᠠᠳᠬᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠨᠡᠩ ᠬᠦᠴᠦᠲᠡᠢ ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠨᠡᠩ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠡᠩ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠡᠭᠦᠷᠭᠡ ᠶᠢᠨ ᠲᠣᠭᠤᠷᠢᠨ ᠳᠤ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1