ᠭᠦᠭᠡᠬᠤᠲᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/3/29
     ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠴᠢᠨᠠᠷ ᠰᠠᠶᠢᠲᠠᠢ ᠪᠠᠷ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠶᠢᠨ ᠲᠥᠯᠥᠭᠡ᠂  3 ᠰᠠᠷ᠎ᠠ ᠶᠢᠨ 21 ᠤ ᠦᠳᠡ ᠶᠢᠨ ᠡᠮᠦᠨ᠎ᠡ᠂ 2024 ᠣᠨ ᠤ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ ᠴᠤᠭᠯᠠᠭᠠᠨ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠭᠦᠭᠡᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠠᠵᠤ ᠦᠢᠯᠡᠰ ᠤᠨ ᠳᠡᠭᠡᠳᠦ ᠰᠤᠷᠭᠠᠭᠤᠯᠢ︶ ᠳᠤ  ᠶᠠᠪᠤᠭᠳᠠᠪᠠ᠃      ᠠᠵᠢᠯᠯᠠᠭ᠎ᠠ ᠳᠤ᠂ 21 ᠠᠵᠤ ᠠᠬᠤᠶᠢᠯᠠᠯ   ᠠᠴᠠ 625 ᠠᠵᠢᠯ ᠤᠨ ᠪᠠᠶᠢᠷᠢ ᠬᠠᠩᠭᠠᠵᠤ᠂ ᠨᠡᠶᠢᠳᠡ 200 ᠭᠠᠷᠤᠢ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠠᠵᠢᠯ ᠡᠷᠢᠵᠦ᠂ ᠲᠤᠬᠠᠢ ᠶᠢᠨ ᠲᠠᠯᠠᠪᠠᠶ ᠳᠤ 100 ᠬᠥᠮᠥᠨ ᠠᠵᠢᠯ  ᠣᠯᠬᠤ ᠰᠠᠨᠠᠮᠵᠢ ᠲᠣᠭᠲᠠᠪᠠ᠃      ᠣᠶᠢᠷ᠎ᠠ ᠶᠢᠨ ᠵᠢᠯ ᠳᠤ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠬᠤᠯᠪᠤᠭ᠎ᠠ ᠶᠢᠨ ᠲᠥᠯᠥᠪᠯᠡᠭᠡ︾ ᠪᠠ ︽ᠮᠢᠩᠭᠠᠨ ᠠᠵᠤ ᠠᠬᠤᠶᠢᠯᠠᠯ ᠮᠢᠩᠭᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠠᠢ ᠬᠤᠯᠪᠣᠭᠠᠯᠠᠬᠤ ᠲᠥᠯᠥᠪᠯᠡᠭᠡ︾ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠳᠤ ᠰᠠᠭᠤᠭ᠎ᠠ 1000 ᠣᠷᠴᠢᠮ ᠠᠵᠤ ᠠᠬᠤᠶᠢᠯᠠᠯ ᠢ ᠤᠷᠢᠨ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠠᠵᠢᠯ ᠣᠯᠵᠤ ᠦᠢᠯᠡᠰ ᠪᠣᠰᠬᠠᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1