ᠦᠬᠦᠰᠢᠷᠡᠮᠡᠯ ᠲᠡᠷᠭᠡ ᠶᠢ ᠴᠡᠪᠡᠷᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/4/10
     ᠮᠠᠨ ᠤ ᠰᠢᠶᠠᠨ ᠤ ᠲᠡᠷᠭᠡ ᠵᠣᠭᠰᠣᠬᠤ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠪᠣᠯᠪᠠᠰᠤᠨ ᠬᠤᠲᠠ ᠶᠢᠨ ᠳᠦᠷᠰᠦ ᠪᠠᠶᠢᠳᠠᠯ ᠢ ᠬᠠᠮᠠᠭᠠᠯᠠᠬᠤ ᠶᠢᠨ ᠲᠤᠰᠠᠳᠠ᠂ ︽ᠴᠢᠩ ᠱᠦᠢ ᠾᠧ ᠰᠢᠶᠠᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠢᠩ ᠱᠦᠢ ᠾᠧ ᠰᠢᠶᠠᠨ ᠤ ᠶᠡᠭᠡ ᠠᠩᠭᠢ᠂ ᠴᠢᠩ ᠱᠦᠢ ᠾᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠢᠴᠢ ᠬᠡᠷᠡᠭᠵᠢᠭᠦᠯᠬᠦ ᠳᠦᠷᠢᠮ ᠵᠢᠴᠢ ︽ᠬᠥᠬᠡᠬᠤᠲᠠ ᠶᠢᠨ ᠣᠷᠣᠨ ᠰᠠᠭᠤᠴᠠ ᠶᠢᠨ ᠬᠤᠷᠢᠶᠠᠯᠠᠯ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠵᠦ᠂ ᠬᠠᠷᠢᠶᠠᠲᠤ ᠣᠷᠣᠨ ᠤ ᠳᠣᠲᠣᠷᠠᠬᠢ ︽ᠦᠬᠦᠰᠢᠷᠡᠮᠡᠯ ᠲᠡᠷᠭᠡ︾ ᠶᠢ ᠲᠥᠪᠯᠡᠷᠡᠭᠦᠯᠦᠨ ᠢᠯᠭᠠᠷᠠᠭᠤᠯᠤᠨ ᠴᠡᠭᠴᠡᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠴᠡᠭᠴᠡᠯᠡᠨ ᠵᠠᠰᠠᠬᠤ ᠡᠲᠡᠭᠡᠳ      ᠬᠤᠲᠠ ᠶᠢᠨ ᠲᠣᠭᠤᠷᠢᠭ ᠤᠨ ᠪᠣᠶ ᠪᠦᠬᠦᠢ ᠵᠠᠮ ᠵᠢᠴᠢ ᠵᠠᠮ ᠳᠠᠭᠠᠤ ᠶᠢᠨ ᠣᠶᠢᠷ᠎ᠠ ᠬᠠᠪᠢ ᠶᠢᠨ ᠬᠡᠪᠴᠢᠶᠡᠨ ᠳᠣᠲᠣᠷ᠎ᠠ᠂ ᠰᠠᠭᠤᠭᠠᠯᠢ ᠠᠷᠠᠳ ᠤᠨ ᠲᠣᠭᠤᠷᠢᠭ᠂ ᠠᠷᠤ ᠵᠡᠭᠡᠯᠢ ᠭᠤᠳᠤᠮᠵᠢ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ ᠵᠡᠷᠭᠡ ᠲᠠᠯᠠᠪᠤᠷ ᠢ ᠣᠷᠳᠣ ᠬᠤᠭᠤᠴᠠᠭ᠎ᠠ ᠪᠠᠷ ᠬᠠᠮᠠᠭᠠᠯᠠᠵᠤ ᠬᠡᠷᠡᠭᠯᠡᠬᠦ ᠬᠥᠮᠥᠨ ᠦᠭᠡᠢ᠂ ᠭᠠᠳᠠᠷ ᠪᠠᠶᠢᠳᠠᠯ  ᠨᠢ ᠡᠪᠳᠡᠷᠡᠵᠦ ᠬᠠᠭᠤᠴᠢᠷᠠᠭᠰᠠᠨ᠂ ᠬᠤᠭ ᠲᠣᠭᠤᠰᠣ ᠪᠦᠷᠬᠦᠭᠰᠡᠨ᠂ ᠳᠤᠭᠤᠶᠢᠯᠠᠪᠤᠷᠢ ᠨᠢ ᠬᠠᠲᠠᠩᠭᠢᠷᠠᠭᠰᠠᠨ᠂ ᠨᠣᠮᠧᠷ ᠤᠨ ᠫᠠᠶᠢᠰᠠ ᠨᠢ ᠳᠤᠲᠠᠭᠳᠠᠭᠰᠠᠨ ᠵᠡᠷᠭᠡ ᠨᠢᠭᠡ ᠵᠦᠢᠯ ᠤᠨ ᠪᠤᠶᠤ ᠣᠯᠠᠨ ᠵᠦᠢᠯ ᠤᠨ ᠪᠠᠶᠢᠳᠠᠯ ᠲᠠᠢ ᠮᠠᠰᠢᠨ ᠲᠡᠷᠭᠡ ︵ᠰᠢᠨ᠎ᠡ ᠡᠨᠧᠷᠭᠢ ᠶᠢᠨ ᠮᠠᠰᠢᠨ ᠲᠡᠷᠭᠡ᠂ ᠮᠣᠲ᠋ᠣᠷ ᠲᠡᠷᠭᠡ ᠪᠠᠭᠲᠠᠨ᠎ᠠ︶ ᠪᠠ ᠮᠠᠰᠢᠨ ᠪᠤᠰᠤ ᠲᠡᠷᠭᠡ ︵ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠭᠤᠷᠪᠠᠨ ᠬᠦᠷᠳᠦᠲᠦ ᠲᠡᠷᠭᠡ᠂ ᠳᠤᠭᠤᠢ ᠲᠡᠷᠭᠡ ᠪᠠᠭᠲᠠᠨ᠎ᠠ︶᠃      ᠬᠤᠶᠠᠷ᠂ ᠴᠡᠭᠴᠡᠯᠡᠨ ᠵᠠᠰᠠᠬᠤ ᠬᠡᠪᠴᠢᠶ᠎ᠡ      ᠰᠢᠶᠠᠨ ᠤ ᠬᠤᠳᠠ ᠶᠢᠨ ᠲᠣᠭᠤᠷᠢᠭ ᠤᠨ ᠪᠤᠢ ᠪᠦᠬᠦᠢ ᠭᠤᠣᠯ ᠳᠡᠳ᠋ ᠵᠠᠮ᠂ ᠵᠡᠭᠡᠯᠢ ᠭᠤᠳᠤᠮᠵᠢ ᠵᠡᠷᠭᠡ ᠤᠯᠠᠨ ᠨᠡᠶᠢᠲᠡ ᠶᠢᠨ ᠲᠣᠭᠤᠷᠢᠭ᠂ ᠪᠠᠯᠭᠠᠰᠤᠨ ᠤ ᠵᠠᠮ᠃      ᠭᠤᠷᠪᠠ᠂ ᠴᠡᠭᠴᠡᠯᠡᠨ ᠵᠠᠰᠠᠬᠤ ᠴᠠᠭ      2024 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ︱ ᠣᠷᠳᠣ ᠬᠤᠭᠤᠴᠠᠭ᠎ᠠ      ᠳᠥᠷᠪᠡ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ      1. ᠨᠢᠭᠡᠨᠲᠡ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠲᠡᠷᠭᠡ ᠬᠥᠰᠬᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠭᠤᠳᠠᠰᠤ ᠨᠠᠭᠠᠬᠤ᠂ ᠤᠲᠠᠰᠤ ᠪᠠᠷ ᠮᠡᠳᠡᠭᠳᠡᠬᠦ ᠵᠡᠷᠭᠡ ᠬᠡᠯᠪᠡᠷᠢ ᠪᠠᠷ ᠲᠡᠷᠭᠡᠨ ᠤ ᠡᠵᠡᠨ ᠳᠤ ᠲᠣᠭᠲᠠᠭᠰᠠᠨ ᠬᠤᠭᠤᠴᠠᠭᠠᠨ ᠳᠤ ᠬᠡᠷᠡᠭᠯᠡᠭᠡᠨ ᠠᠴᠠ ᠭᠠᠷᠭᠠᠬᠤ ᠭᠠᠷᠳᠠᠮ ᠢ ᠭᠦᠢᠴᠡᠳᠬᠡᠬᠦ ᠪᠤᠶᠤ ᠪᠤᠰᠤᠳ ᠵᠣᠬᠢᠰᠲᠠᠢ ᠰᠢᠢᠳᠪᠦᠷᠢᠯᠡᠬᠦ ᠶᠢ ᠮᠡᠳᠡᠭᠳᠡᠨ᠎ᠡ︔ ᠦᠨᠡᠬᠡᠷ ᠬᠠᠷᠢᠯᠴᠠᠬᠤ ᠶᠢᠨ ᠠᠷᠭ᠎ᠠ ᠦᠭᠡᠢ ᠪᠠᠶᠢᠪᠠᠯ᠂ ᠵᠢᠭᠠᠨ ᠲᠣᠭᠲᠠᠭᠠᠭᠰᠠᠨ ᠭᠠᠵᠠᠷ ᠲᠤ ᠨᠢᠭᠡᠳᠦᠯᠲᠡᠢ ᠪᠠᠷ ᠴᠢᠷᠴᠦ ᠰᠢᠯᠵᠢᠭᠦᠯᠦᠨ ᠲᠥᠪᠯᠡᠷᠡᠭᠦᠯᠦᠨ ᠬᠠᠳᠠᠭᠠᠯᠠᠭᠤᠯᠤᠨ᠎ᠠ᠃ ᠡᠭᠦᠨ ᠤ ᠵᠡᠷᠭᠡᠴᠡᠭᠡᠪᠡᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠠᠤᠯᠢ ᠶᠣᠰᠣᠭᠠᠷ ᠰᠢᠢᠳᠪᠦᠷᠢᠯᠡᠨ᠎ᠡ︔      2. ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠦᠭᠡᠢ ᠮᠥᠷᠲᠡᠭᠡᠨ ᠲᠡᠷᠭᠡᠨ ᠤ ᠡᠵᠡᠨ ᠲᠠᠢ ᠬᠠᠷᠢᠯᠴᠠᠬᠤ ᠶᠢᠨ ᠠᠷᠭ᠎ᠠ ᠦᠭᠡᠢ ᠲᠡᠷᠭᠡ ᠶᠢ ᠪᠣᠯ᠂ ᠲᠡᠷᠭᠡ ᠶᠢ ᠲᠣᠭᠲᠠᠭᠰᠠᠨ ᠭᠠᠵᠠᠷ ᠲᠤ ᠴᠢᠷᠴᠦ ᠰᠢᠯᠵᠢᠭᠦᠯᠦᠨ ᠬᠠᠳᠠᠭᠠᠯᠠᠭᠤᠯᠵᠤ᠂ ᠰᠢᠶᠠᠨ ᠤ ᠬᠤᠲᠠ ᠶᠢᠨ ᠲᠣᠭᠤᠷᠢᠭ ᠤᠨ ᠪᠣᠶ ᠪᠦᠬᠦᠢ ᠭᠤᠣᠯ ᠳᠡᠳ᠋ ᠵᠠᠮ ᠱᠤᠭᠤᠮ᠂ ᠵᠡᠭᠡᠯᠢ ᠭᠤᠳᠤᠮᠵᠢ ᠵᠡᠷᠭᠡ ᠣᠯᠠᠨ ᠨᠡᠶᠢᠲᠡ ᠶᠢᠨ ᠲᠣᠭᠤᠷᠢᠭ ᠲᠤ ᠲᠠᠯᠪᠢᠵᠤ ᠪᠠᠶᠢᠭ᠎ᠠ ᠲᠡᠷᠭᠡ ᠶᠢᠨ ᠥᠮᠴᠢᠯᠡᠭᠴᠢ ᠬᠦᠴᠦᠨ ᠪᠦᠬᠦᠢ ᠦᠨᠡᠮᠯᠡᠯ ᠢᠶᠠᠨ ᠠᠪᠴᠤ ᠴᠢᠩ ᠱᠦᠢ ᠾᠧ ᠰᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠳᠤ ᠬᠦᠷᠴᠦ ᠬᠠᠮᠢᠶ᠎ᠠ ᠪᠦᠬᠦᠢ ᠭᠠᠷᠳᠠᠮ ᠢ ᠭᠦᠢᠴᠡᠳᠬᠡᠭᠡᠳ ᠲᠡᠷᠭᠡ ᠪᠠᠨ ᠠᠪᠤᠨ᠎ᠠ︔ ᠰᠠᠭᠤᠭᠠᠯᠢ ᠠᠷᠠᠳ ᠤᠨ ᠲᠣᠭᠤᠷᠢᠭ᠂ ᠠᠷᠤ ᠵᠡᠭᠡᠯᠢ ᠭᠤᠳᠤᠮᠵᠢ ᠳᠤ ᠵᠣᠭᠰᠣᠵᠤ ᠪᠠᠶᠢᠭ᠎ᠠ ᠲᠡᠷᠭᠡ ᠬᠥᠰᠬᠡ ᠶᠢᠨ ᠥᠮᠴᠢᠯᠡᠭᠴᠢ ᠬᠦᠴᠦᠨ ᠪᠦᠬᠦᠢ ᠦᠨᠡᠮᠯᠡᠯ ᠢᠶᠠᠨ ᠠᠪᠴᠤ ᠥᠪᠡᠰᠦᠪᠡᠨ ᠴᠢᠩ ᠱᠦᠢ ᠾᠧ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠬᠦᠷᠴᠦ ᠲᠡᠷᠭᠡ ᠬᠥᠰᠬᠡ ᠪᠠᠨ ᠠᠪᠤᠨ᠎ᠠ︔      3. ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠡᠯ᠎ᠡ ︽ᠦᠬᠦᠰᠢᠷᠡᠮᠡᠯ ᠲᠡᠷᠭᠡ︾ ᠶᠢᠨ ᠲᠡᠷᠭᠡᠨ ᠤ ᠡᠵᠡᠨ᠂ ᠵᠢᠯᠣᠭᠤᠴᠢ ᠪᠤᠶᠤ ᠬᠠᠮᠢᠶᠠᠷᠤᠭᠴᠢ ᠨᠢ ᠲᠡᠷᠭᠡ ᠬᠥᠰᠬᠡ ᠪᠠᠨ ᠥᠪᠡᠷ ᠲᠡᠭᠡᠨ ᠴᠡᠪᠡᠷᠯᠡᠬᠦ ᠬᠡᠷᠡᠭᠲᠡᠢ᠃ ᠨᠡᠶᠢᠭᠡᠮ ᠲᠣᠭᠤᠷᠢᠭ᠂ ᠥᠮᠴᠢᠲᠡᠨ ᠤ ᠵᠥᠪᠯᠡᠯ ︵ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ︶᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠢᠳᠬᠠᠨ ᠬᠤᠷᠢᠭᠯᠠᠬᠤ ᠶᠢ ᠰᠠᠨᠠᠭᠤᠯᠵᠤ᠂ ᠮᠡᠳᠡᠭᠳᠡᠯ ᠢ ᠨᠡᠶᠢᠲᠡᠯᠡᠭᠰᠡᠨ ᠤ ᠳᠠᠷᠠᠭ᠎ᠠ ᠬᠤᠭᠤᠴᠠᠭ᠎ᠠ ᠬᠡᠲᠦᠷᠡᠲᠡᠯ᠎ᠡ ᠮᠥᠨ ᠲᠣᠭᠲᠠᠭᠠᠯ ᠶᠣᠰᠣᠭᠠᠷ ᠥᠪᠡᠰᠦᠪᠡᠨ ᠢᠯᠭᠠᠷᠠᠭᠤᠯᠤᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠲᠥᠪᠯᠡᠷᠡᠭᠦᠯᠦᠨ ᠢᠯᠭᠠᠷᠠᠭᠤᠯᠵᠤ᠂ ᠠᠯᠪᠠᠳᠠᠯᠭ᠎ᠠ ᠪᠠᠷ ᠴᠢᠷᠴᠦ ᠰᠢᠯᠵᠢᠭᠦᠯᠬᠦ ᠶᠢᠨ ᠬᠠᠮᠲᠤ ᠲᠡᠷᠭᠡ ᠬᠥᠰᠬᠡ ᠶᠢ ᠨᠢ ᠲᠦᠷ ᠦᠯᠡᠳᠡᠭᠡᠵᠦ ᠠᠪᠤᠨ᠎ᠠ᠃ ᠴᠢᠷᠴᠦ ᠰᠢᠯᠵᠢᠭᠦᠯᠬᠦ ᠪᠤᠶᠤ ᠨᠢᠭᠡᠳᠦᠯᠲᠡᠢ ᠲᠠᠯᠪᠢᠬᠤ ᠶᠠᠪᠤᠴᠠ ᠳᠤ ᠪᠣᠶ ᠪᠣᠯᠭᠠᠭᠰᠠᠨ ᠲᠡᠷᠭᠡ ᠬᠥᠰᠬᠡ᠂ ᠲᠡᠷᠭᠡ ᠳᠠᠭᠠᠭᠰᠠᠨ ᠡᠳ᠋ ᠪᠣᠳᠠᠰ ᠤᠨ ᠬᠤᠬᠢᠷᠠᠯ ᠪᠠ ᠪᠣᠶ ᠪᠣᠯᠤᠭᠰᠠᠨ ᠬᠠᠮᠢᠶ᠎ᠠ ᠪᠦᠬᠦᠢ ᠵᠠᠷᠤᠳᠠᠯ ᠢ ᠴᠥᠮ ᠮᠠᠰᠢᠨᠲᠤ ᠲᠡᠷᠭᠡᠨ ᠤ ᠥᠮᠴᠢᠯᠡᠭᠴᠢ ᠪᠤᠶᠤ ᠪᠣᠳᠠᠲᠠᠢ ᠬᠡᠷᠡᠭᠯᠡᠭᠴᠢ ᠠᠴᠠ ᠡᠭᠦᠷᠭᠡᠯᠡᠨ᠎ᠡ︔      ᠲᠠᠪᠤ᠂ ᠬᠠᠷᠢᠯᠴᠠᠬᠤ ᠤᠲᠠᠰᠤ      ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠢᠩ ᠱᠦᠢ ᠾᠧ ᠰᠢᠶᠠᠨ ᠤ ᠶᠡᠭᠡ ᠠᠩᠭᠢ     0471-7910286      ᠴᠢᠩ ᠱᠦᠢ ᠾᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ    0471-7912528      ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    0471-7933798      ᠥᠷᠭᠡᠨ ᠤᠯᠠᠨ ᠲᠦᠮᠡᠨ ᠢᠳᠡᠪᠬᠢᠲᠡᠢ ᠪᠠᠷ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ︽ᠦᠬᠦᠰᠢᠷᠡᠮᠡᠯ ᠲᠡᠷᠭᠡ︾ ᠵᠡᠷᠭᠡ ᠤᠷᠳᠤ ᠬᠤᠭᠤᠴᠠᠭ᠎ᠠ ᠪᠠᠷ ᠵᠣᠭᠰᠣᠭᠠᠵᠤ ᠬᠥᠳᠡᠯᠬᠦ ᠦᠭᠡᠢ ᠲᠡᠷᠭᠡ ᠬᠥᠰᠬᠡ ᠶᠢᠨ ᠮᠡᠳᠡᠭᠡ ᠵᠠᠩᠭᠢ ᠶᠢᠨ ᠰᠦᠪᠡᠭᠴᠢ ᠶᠢ ᠬᠠᠩᠭᠠᠵᠤ᠂ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠪᠣᠯᠪᠠᠰᠤᠨ᠂ ᠡᠶ᠎ᠡ ᠵᠣᠬᠢᠴᠠᠯ ᠲᠠᠢ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ                 ᠬᠥᠬᠡᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ                 ᠴᠢᠩ ᠱᠦᠢ ᠾᠧ ᠰᠢᠶᠠᠨ ᠤ ᠶᠡᠭᠡ ᠠᠩᠭᠢ                 ᠴᠢᠩ ᠱᠦᠢ ᠾᠧ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ                 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ                 ᠴᠢᠩ ᠱᠦᠢ ᠾᠧ ᠰᠢᠶᠠᠨ ᠤ ᠴᠧᠩ ᠭᠤᠸᠠᠨ ᠪᠠᠯᠭᠠᠰᠤᠨ ᠤ ᠶᠡᠷᠦᠩᠬᠡᠶᠢᠯᠡᠭᠰᠡᠨ                 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ                 2024 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1