ᠵᠠᠩ ᠺᠧ ᠯᠢᠩ᠄ ᠦᠢᠯᠡᠳᠪᠦᠷᠢᠯᠡᠯ ᠤᠨ ᠠᠬᠢᠴᠠ ᠶᠢ ᠪᠠᠲᠤᠯᠠᠬᠤ ᠠᠵᠢᠯ ᠢ ᠬᠦᠴᠦᠯᠡᠨ ᠠᠳᠬᠤᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/11
     4 ᠳ᠋ᠦ᠋ᠭᠡᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠴᠧᠩ ᠭᠤᠸᠠᠨ ᠪᠠᠯᠭᠠᠰᠤ ᠶᠢᠨ ᠪᠢᠨ ᠾᠧ ᠬᠤᠶᠢᠲᠤ ᠵᠡᠭᠡᠯᠢ ᠶᠢᠨ ᠪᠦᠰᠡᠯᠢᠭ ᠴᠡᠴᠡᠷᠯᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠪᠠᠶᠢᠳᠠᠯ ᠪᠣᠯᠣᠨ ᠴᠧᠩ ᠭᠤᠸᠠᠨ ᠪᠠᠯᠭᠠᠰᠤ ᠶᠢᠨ ᠳᠠᠬᠢᠯᠲᠠ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠢᠶᠠᠨ ᠬᠤᠤ ᠱᠦᠢᠨᠢ᠂ ᠲᠢᠶᠠᠨ ᠲᠠᠢ ᠬᠢᠮᠢ ᠶᠢᠨ ᠠᠵᠤ ᠦᠢᠯᠡᠳᠪᠦᠷᠢ᠂ ᠮᠧᠩ ᠰᠢ ᠱᠦᠢᠨᠢ ᠵᠡᠷᠭᠡ ᠠᠵᠤ ᠠᠬᠤᠶᠢᠯᠠᠯ ᠢᠶᠠᠷ ᠲᠤᠬᠠᠢ ᠶᠢᠨ ᠭᠠᠵᠠᠷ ᠲᠤᠨᠢ ᠬᠦᠷᠴᠦ᠂ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠲᠥᠯᠥᠪᠯᠡᠭᠡ᠂ ᠲᠦᠷᠦᠯ ᠵᠦᠢᠯ ᠢ ᠠᠬᠢᠭᠤᠯᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠵᠢᠯᠯᠠᠵᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠥᠭᠴᠡᠢ᠃      ᠵᠠᠩ ᠺᠧ ᠯᠢᠩ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽ᠪᠣᠯᠪᠠᠰᠤᠨ ᠬᠤᠳᠠ ᠶᠢ ᠳᠡᠭᠡᠭᠰᠢᠯᠡᠭᠦᠯᠬᠦ ᠢᠨᠵᠧᠨᠧᠷᠢᠩ︾  ᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠲᠣᠭᠤᠷᠢᠭ ᠢ ᠨᠣᠭᠤᠭᠠᠷᠠᠭᠤᠯᠵᠤ ᠭᠤᠶᠣᠵᠢᠭᠤᠯᠬᠤ ᠠᠵᠢᠯ ᠢ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠵᠤ᠂ ︽ᠬᠤᠸᠠᠷ ᠬᠠᠳᠬᠤᠬᠤ︾ ᠬᠦᠴᠦ ᠣᠷᠣᠭᠤᠯᠵᠤ᠂ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠤᠳᠠ ᠶᠢᠨ ᠠᠷᠠᠳ ᠤᠨ ᠵᠤᠭ᠎ᠠ ᠴᠡᠩᠭᠡᠯ ᠤᠨ ᠬᠡᠷᠡᠭᠴᠡᠭᠡ ᠶᠢ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠥᠭᠵᠢᠯᠲᠡ ᠶᠢᠨ ᠢᠲᠡᠭᠡᠯ ᠢᠶᠠᠨ ᠴᠢᠨᠠᠭᠰᠢᠳᠠ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠮᠤᠷ ᠲᠦᠪᠰᠢᠨ ᠤ︽ᠤᠯᠠᠭᠠᠨ ᠱᠤᠭᠤᠮ︾  ᠤᠨ ᠤᠬᠠᠮᠰᠠᠷ ᠢ ᠪᠠᠲᠤ ᠪᠤᠢ ᠪᠣᠯᠭᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠵᠤ ᠠᠬᠤᠶᠢᠯᠠᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ︔ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠮᠡᠷᠭᠡᠵᠢᠯ ᠪᠣᠯᠣᠨ ᠲᠥᠬᠦᠭᠡᠷᠦᠮᠵᠢ ᠶᠢ ᠰᠠᠶᠢᠵᠢᠷᠠᠭᠤᠯᠵᠤ᠂ ᠠᠵᠤ ᠠᠬᠤᠶᠢᠯᠠᠯ ᠢ ᠨᠡᠩ ᠢᠯᠡᠭᠦᠦ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠭᠦᠨᠵᠡᠭᠡᠶᠢᠷᠡᠭᠦᠯᠵᠦ᠂ ᠤᠴᠢᠷ ᠲᠠᠢ ᠪᠣᠯ ᠦᠢᠯᠡᠴᠢᠯᠡᠬᠦ ᠳᠤ ᠰᠠᠭᠠᠳ ᠪᠣᠯᠬᠤ ᠦᠭᠡᠢ︽ᠳᠡᠯᠭᠡᠭᠦᠷ ᠤᠨ ᠪᠠᠭᠰᠢ︾ᠪᠣᠯᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1