ᠴᠢᠩ ᠱᠦᠢ ᠾᠧ ᠰᠢᠶᠠᠨ᠄ ᠪᠣᠳᠠᠲᠤ ᠠᠵᠢᠯᠯᠠᠭ᠎ᠠ ᠪᠠᠷ ᠢᠶᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤᠨ ᠬᠠᠮᠠᠭᠠᠯᠠᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/4/11
     ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠬᠤ ᠶᠢᠨ ᠲᠤᠰᠠᠳᠠ᠂ ᠴᠢᠩ ᠱᠦᠢ ᠾᠧ ᠰᠢᠶᠠᠨ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ 2024 ᠣᠨ ᠤ ᠠᠵᠢᠯ ᠤᠨ ᠲᠥᠰᠥᠯ︾  ᠤᠨ ᠱᠠᠭᠠᠷᠳᠠᠯᠭ᠎ᠠ ᠶᠣᠰᠣᠭᠠᠷ᠂ ᠵᠠᠭᠠᠭ ᠤᠨ ᠪᠠᠭᠠᠨ᠎ᠠ ᠶᠢ ᠪᠤᠯᠠᠵᠤ ᠲᠠᠯᠪᠢᠨ᠂ 2 ᠺᠢᠯᠤᠮᠥᠲᠷ ᠤᠨ ᠥᠨᠳᠥᠷ ᠡᠰᠢᠲᠦ ᠲᠠᠷᠢᠮᠠᠯ ᠤᠨ ᠲᠠᠷᠢᠬᠤ ᠶᠢ ᠴᠠᠭᠠᠵᠠᠯᠠᠬᠤ ᠱᠤᠭᠤᠮ ᠢ ᠲᠣᠳᠣᠷᠬᠠᠶᠢᠯᠠᠭᠰᠠᠨ ᠤ ᠬᠠᠮᠲᠤ ᠲᠠᠷᠢᠬᠤ ᠶᠢ ᠴᠠᠭᠠᠵᠠᠯᠠᠬᠤ ᠤᠬᠠᠭᠤᠯᠭ᠎ᠠ ᠶᠢᠨ ᠪᠤᠯᠤᠩ  ᠢ 3 ᠭᠠᠷᠭᠠᠵᠤ᠂ ᠠᠵᠢᠯᠲᠠᠳ ᠢ ᠵᠣᠬᠢᠶᠠᠨ ᠪᠠᠶᠢᠭᠤᠯᠤᠨ ᠡᠷᠦᠬᠡ ᠳᠤ 150 ᠭᠠᠷᠤᠢ ᠤᠳᠠᠭ᠎ᠠ ᠤᠬᠠᠭᠤᠯᠵᠤ᠂ ᠨᠢᠭᠡ ᠡᠷᠦᠬᠡ ᠳᠤ ᠨᠢᠭᠡ ᠳᠡᠪᠲᠡᠷ ᠤᠨ ᠵᠠᠷᠴᠢᠮ ᠶᠣᠰᠣᠭᠠᠷ᠂ ᠤᠬᠠᠭᠤᠯᠭ᠎ᠠ ᠶᠢᠨ ᠳᠡᠪᠲᠡᠷ ᠢ 150 ᠭᠠᠷᠤᠢ ᠬᠤᠪᠢ ᠲᠠᠷᠬᠠᠭᠠᠵᠠᠢ︔ ᠲᠠᠷᠢᠶᠠᠴᠢᠨ ᠡᠷᠦᠬᠡ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠤᠭᠤᠳᠴᠤ ᠪᠠᠶᠢᠭᠠᠳ ᠲᠠᠩ ᠭᠠᠵᠠᠷ ᠤᠨ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠠᠷᠢᠮᠠᠯ ᠤᠨ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠤᠷᠴᠠᠭ᠂ ᠠᠮᠤ ᠪᠤᠳᠠᠭ᠎ᠠ ᠵᠡᠷᠭᠡ ᠪᠣᠭᠤᠨᠢ ᠡᠰᠢᠲᠦ ᠲᠠᠷᠢᠮᠠᠯ ᠢ ᠥᠭᠡᠷᠡᠴᠢᠯᠡᠨ ᠲᠠᠷᠢᠭᠤᠯᠪᠠ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠭᠠᠰᠬᠠᠬᠤ ᠶᠢᠨ ᠲᠤᠰᠠᠳᠠ᠂ ᠭᠤᠣᠯ ᠤᠨ ᠲᠠᠩ ᠳᠠᠭᠠᠤ ᠣᠷᠣᠨ ᠤ ᠲᠠᠷᠢᠮᠠᠯ ᠤᠨ ᠡᠷᠦᠬᠡ ᠶᠢ ᠲᠣᠰᠬᠤᠨ ᠡᠷᠦᠬᠡ ᠳᠠᠷᠠᠭᠠᠯᠠᠨ ᠤᠬᠠᠭᠤᠯᠬᠤ ᠶᠢᠨ ᠬᠠᠮᠲᠤ ᠣᠷᠭᠠᠨᠢᠭ ᠪᠣᠷᠳᠣᠭᠤᠷ ᠢ ᠳᠡᠯᠭᠡᠷᠡᠭᠦᠯᠦᠨ ᠬᠡᠷᠡᠭᠯᠡᠪᠡ᠃ ᠡᠭᠦᠨ ᠤ ᠬᠠᠮᠲᠤ 2024 ᠣᠨ ᠤ ᠦᠷ᠎ᠡ ᠲᠠᠷᠢᠬᠤ ᠶᠢ ᠴᠠᠭᠠᠵᠠᠯᠠᠬᠤ ᠵᠠᠷᠯᠢᠭ ᠢ ᠰᠢᠨ᠎ᠡ ᠪᠠᠷ ᠲᠡᠭᠦᠯᠳᠡᠷᠵᠢᠭᠦᠯᠦᠨ ᠨᠡᠶᠢᠲᠡᠯᠡᠵᠦ᠂ ᠭᠤᠣᠯ ᠳᠠᠭᠠᠭᠰᠠᠨ ᠲᠣᠰᠬᠤᠨ ᠳᠤ 100 ᠭᠠᠷᠤᠢ ᠬᠤᠪᠢ ᠨᠠᠭᠠᠵᠤ ᠳᠠᠷᠤᠮᠠᠯᠯᠠᠨ ᠲᠠᠷᠬᠠᠭᠠᠪᠠ᠃      ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠡᠭᠡᠷ᠎ᠡ᠂ ᠴᠢᠩ ᠱᠦᠢ ᠾᠧ ᠰᠢᠶᠠᠨ ᠤ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠤᠰᠤᠨ ᠤ ᠠᠮᠤᠷ ᠲᠦᠪᠰᠢᠨ ᠢ ᠬᠦᠴᠦᠲᠡᠢ ᠪᠠᠲᠤᠯᠠᠬᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠤᠰᠤᠨ ᠤ ᠠᠮᠢ ᠠᠬᠤᠢ ᠶᠢ ᠢᠯᠡᠳᠲᠡ ᠰᠠᠶᠢᠵᠢᠷᠠᠭᠤᠯᠬᠤ᠂ ᠤᠰᠤᠨ ᠤ ᠣᠷᠴᠢᠨ ᠲᠣᠭᠤᠷᠢᠨ ᠢ ᠪᠦᠲᠦᠮᠵᠢᠲᠡᠢ ᠵᠠᠰᠠᠬᠤ ᠡᠷᠴᠢᠮᠵᠢᠭᠦᠯᠦᠨ ᠠᠷᠪᠢᠯᠠᠬᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1