︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠤᠯᠤᠰ ᠤᠨ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠥᠪ 2024 ᠣᠨ ᠤ 1 ︱ 2 ᠳ᠋ᠤᠭᠠᠷ ᠰᠠᠷ᠎ᠠ ᠶᠢᠨ ᠪᠥᠬᠦ ᠤᠯᠤᠰ ᠤᠨ ᠬᠤᠲᠠ ᠶᠢᠨ | ᠢᠲᠡᠭᠡᠮᠵᠢ ᠶᠢᠨ ᠬᠢᠨᠠᠨ ᠬᠡᠮᠵᠢᠯᠲᠡ ᠶᠢᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠂ ᠬᠥᠬᠡᠬᠤᠲᠠ ᠶᠢᠨ | ᠢᠲᠡᠭᠡᠮᠵᠢ ᠶᠢᠨ ᠶᠡᠷᠦᠩᠬᠡᠢ ᠢᠯᠡᠳᠬᠡᠮᠵᠢ ᠲᠤᠭ᠎ᠠ 85.73 ᠬᠤᠪᠢ ᠪᠠᠶᠢᠵᠤ᠂ ᠪᠥᠬᠦ ᠤᠯᠤᠰ ᠤᠨ 36 ᠮᠤᠵᠢ ᠶᠢᠨ | ᠲᠥᠪ ᠵᠢᠴᠢ ᠳᠡᠳ᠋ ᠮᠤᠵᠢ ᠶᠢᠨ ᠲᠠᠰ ᠠᠴᠠ ᠳᠡᠭᠡᠭᠰᠢᠬᠢ ᠬᠤᠲᠠ ᠶᠢᠨ ᠳᠣᠲᠣᠷ᠎ᠠ 22 ᠳ᠋ᠤᠭᠠᠷ ᠲᠤ ᠣᠷᠣᠵᠤ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3 ᠨᠡᠷᠡᠰ ᠳᠡᠭᠡᠭᠡᠭᠰᠢᠯᠡᠵᠦ᠂ ᠤᠶᠢᠷ᠎ᠠ ᠶᠢᠨ 5 ᠵᠢᠯ ᠤᠨ | ᠬᠠᠮᠤᠭ ᠤᠨ ᠰᠠᠶᠢᠨ ᠬᠢᠷᠢ ᠪᠦᠲᠦᠮᠵᠢ ᠣᠯᠣᠭᠰᠠᠨ ᠪᠠᠶᠢᠨ᠎ᠠ᠃ | ᠡᠨᠡ ᠵᠢᠯ ᠠᠴᠠ ᠨᠠᠭᠠᠰᠢ᠂ ᠮᠠᠨ ᠤ ᠬᠤᠲᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ︽ᠬᠥᠬᠡᠬᠤᠲᠠ ᠶᠢᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠪᠠ ᠬᠠᠤᠯᠢ | ᠪᠠᠷᠢᠬᠤ ᠳᠥᠷᠪᠡᠨ ᠶᠡᠭᠡ ᠬᠦᠷᠢᠶ᠎ᠡ ᠴᠠᠷᠠᠭ᠎ᠠ ᠶᠢ ᠬᠠᠷᠢᠯᠴᠠᠨ ᠬᠠᠮᠵᠢᠯᠴᠠᠭᠤᠯᠤᠨ᠂ ᠪᠥᠬᠦ ᠬᠦᠷᠢᠶ᠎ᠡ ᠴᠠᠷᠠᠭ᠎ᠠ ᠪᠠᠷ ᠢᠶᠠᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠳᠬᠤᠬᠤ ᠶᠡᠷᠦᠩᠬᠡᠶᠢᠯᠡᠨ ᠵᠠᠰᠠᠬᠤ ᠰᠢᠰᠲ᠋ᠧᠮᠵᠢ ᠪᠠ ᠠᠵᠢᠯ ᠤᠨ | ᠪᠠᠶᠢᠷᠢᠰᠢᠯ ᠢ ᠪᠣᠶ ᠪᠣᠯᠭᠠᠪᠠ᠃ ᠢᠲᠡᠭᠡᠮᠵᠢ ᠶᠢᠨ ᠦᠢᠯᠡᠴᠢᠯᠡᠭᠡᠨ ᠤ ᠰᠢᠨ᠎ᠡ ᠶᠢ ᠡᠭᠦᠳᠴᠦ᠂ ᠢᠲᠡᠭᠡᠮᠵᠢ ᠶᠢᠨ ᠮᠡᠳᠡᠭᠡ | ᠵᠠᠩᠭᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠣᠯᠠᠨ | ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ | ᠢᠯᠠᠩᠭᠤᠶ᠎ᠠ ︽ᠢᠲᠡᠭᠡᠮᠵᠢ + ᠡᠯᠧᠺᠲᠷᠣᠨ ᠪᠠᠲᠤᠯᠠᠭ᠎ᠠ ᠶᠢᠨ ᠪᠢᠴᠢᠭ︾ ᠨᠢ ᠥᠪᠡᠷ ᠤᠨ ᠥᠷᠲᠡᠭ ᠢ ᠠᠷᠪᠢᠯᠠᠨ | ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠭᠡᠷ ᠤᠯᠠᠷᠢᠯ ᠳᠤ ᠠᠵᠤ | ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠥᠪᠡᠷ ᠤᠨ ᠥᠷᠲᠡᠭ ᠢ 1.46 ᠳ᠋ᠦᠩᠰᠢᠭᠤᠷ ᠲᠥᠭᠦᠷᠢᠭ | ᠪᠠᠭᠤᠷᠠᠭᠤᠯᠵᠤ᠂ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠢᠨᠵᠧᠨᠧᠷᠢᠩ ᠤᠨ ᠪᠠᠲᠤᠯᠠᠭ᠎ᠠ ᠶᠢᠨ | ᠮᠥᠩᠭᠦ ᠶᠢᠨ ᠶᠡᠷᠦᠩᠬᠡᠢ ᠬᠡᠮᠵᠢᠶᠡᠨ ᠤ 34% ᠶᠢ ᠡᠵᠡᠯᠡᠪᠡ᠃ ︽ᠢᠲᠡᠭᠡᠮᠵᠢ ᠶᠢᠨ ᠠᠮᠠᠯᠠᠯᠲᠠ + ᠸᠢᠳᠢᠤ᠋ ᠪᠠᠷ | ᠬᠠᠶᠢᠨ ᠰᠢᠯᠭᠠᠬᠤ︾ ᠨᠢ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠵᠦ᠂ ᠬᠠᠶᠢᠨ ᠰᠢᠯᠭᠠᠬᠤ | ᠭᠤᠭᠴᠤᠭ᠎ᠠ ᠶᠢᠨ ᠴᠠᠭ ᠢ 90% ᠠᠴᠠ ᠳᠡᠭᠡᠭᠰᠢ ᠪᠠᠭᠠᠰᠬᠠᠪᠠ᠃ ᠡᠨᠡ ᠬᠤᠶᠠᠷ ᠵᠦᠢᠯ ᠤᠨ ᠰᠢᠨ᠎ᠡ ᠶᠢ ᠡᠭᠦᠳᠬᠦ | ᠠᠷᠭ᠎ᠠ ᠬᠢᠳᠡᠯ ᠢ ᠴᠥᠮ ᠢᠲᠡᠭᠡᠮᠵᠢᠲᠦ ᠳᠤᠮᠳᠠᠳᠤ ᠤᠯᠤᠰ ᠪᠠ ᠤᠯᠤᠰ ᠤᠨ ᠲᠠᠰ ᠤᠨ ᠵᠠᠭᠤᠴᠢᠯᠠᠭᠤᠷ ᠲᠤ | ᠤᠬᠠᠭᠤᠯᠤᠨ ᠳᠡᠯᠭᠡᠷᠡᠭᠦᠯᠵᠡᠢ᠃ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ︽ᠰᠠᠨᠠᠭᠠᠴᠢᠯᠠᠭ᠎ᠠ ᠠᠴᠠ ᠪᠠᠨ | ᠮᠡᠳᠡᠭᠳᠡᠬᠦ + ᠪᠥᠬᠦ ᠶᠠᠪᠤᠴᠠ ᠳᠤ ᠦᠢᠯᠡᠴᠢᠯᠡᠬᠦ︾ ᠢᠲᠡᠭᠡᠮᠵᠢ ᠶᠢᠨ ᠰᠡᠷᠭᠦᠭᠡᠯᠲᠡ ᠶᠢᠨ ︽ᠨᠢᠭᠡ ᠯᠡ ᠳᠠᠷᠤᠪᠴᠢ ᠪᠠᠷ | ᠭᠦᠢᠴᠡᠳᠬᠡᠬᠦ︾ ᠵᠠᠭᠪᠤᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠥᠬᠦ ᠬᠤᠲᠠ ᠶᠢᠨ 1345 ᠠᠵᠤ | ᠠᠬᠤᠶᠢᠯᠠᠯ ᠢ ᠬᠠᠪᠰᠤᠷᠴᠤ ᠢᠲᠡᠭᠡᠮᠵᠢ ᠶᠢᠨ ᠰᠡᠷᠭᠦᠭᠡᠯᠲᠡ ᠶᠢ ᠪᠡᠶᠡᠯᠡᠭᠦᠯᠪᠡ᠃ |