ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠭᠠᠷᠭᠠᠪᠠ
ᠨᠡᠶᠢᠲᠡᠯᠡᠭᠰᠡᠨ ᠴᠠᠭ᠄
2024/4/15
     ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠡᠨᠴᠢ ᠰᠢᠳᠤᠷᠭᠤ᠂ ᠢᠲᠡᠭᠡᠮᠵᠢᠲᠡᠢ᠂ ᠡᠷᠬᠡ ᠲᠡᠭᠰᠢ᠂ ᠪᠡᠶ᠎ᠡ ᠪᠠᠨ ᠱᠠᠭᠠᠷᠳᠠᠬᠤ ᠢᠲᠡᠭᠡᠮᠵᠢ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠤᠰᠠᠳᠠ᠂ ᠣᠶᠢᠷ᠎ᠠ ᠳᠤ᠂ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠭᠠᠷᠭᠠᠪᠠ᠃ ᠲᠣᠰ ᠴᠣᠩᠬᠤ ᠶᠢ ᠪᠠᠶᠢᠭᠤᠯᠤᠭᠰᠠᠨ ᠶᠠᠪᠤᠳᠠᠯ ᠪᠣᠯ ᠴᠢᠩ ᠱᠦᠢ ᠾᠧ ᠰᠢᠶᠠᠨ ᠤ ᠪᠥᠬᠦ ᠲᠠᠯ᠎ᠠ ᠪᠠᠷ ᠪᠦᠬᠦᠨ ᠢ ᠬᠠᠮᠤᠷᠤᠭᠰᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠰᠠ ᠨᠢᠭᠡᠨ ᠬᠦᠴᠦᠲᠡᠢ ᠠᠷᠭ᠎ᠠ ᠬᠡᠮᠵᠢᠶ᠎ᠡ ᠮᠥᠨ᠃
     ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠶᠢ ᠪᠠᠶᠢᠭᠤᠯᠤᠭᠰᠠᠨ ᠨᠢ ᠴᠢᠩ ᠱᠦᠢ ᠾᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠳᠠᠬᠢ ᠡᠯ᠎ᠡ ᠵᠦᠢᠯ ᠤᠨ ᠡᠪᠡᠷᠰᠢᠶᠡᠯ ᠲᠠᠢ ᠭᠠᠵᠠᠷ᠂ ᠲᠦᠭᠵᠢᠷᠡᠯ ᠲᠠᠢ ᠭᠠᠵᠠᠷ ᠪᠠ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠨᠡᠶᠢᠭᠡᠮ ᠤᠨ ᠢᠲᠡᠭᠡᠯ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠬᠥᠲᠥᠯᠥᠨ ᠵᠢᠯᠤᠭᠤᠳᠴᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠳᠠᠲᠠᠢ ᠠᠵᠢᠯᠯᠠᠭ᠎ᠠ ᠪᠣᠯᠣᠨ᠎ᠠ᠃ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠭᠡᠷ᠎ᠡ ᠠᠴᠠ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠭᠥᠯᠢᠶᠡᠨ ᠠᠪᠤᠭᠰᠠᠨ ᠵᠠᠭᠠᠯᠳᠤᠯᠭ᠎ᠠ ᠶᠢᠨ ᠰᠦᠪᠡᠭᠴᠢ ᠶᠢ ᠵᠠᠭᠠᠯᠳᠤᠭᠳᠠᠭᠰᠠᠨ ᠭᠤᠣᠯ ᠴᠣᠭᠴᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠮᠢᠶ᠎ᠠ ᠪᠦᠬᠦᠢ ᠤᠳᠤᠷᠢᠳᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ ᠭᠦᠢᠴᠡᠳᠬᠡᠨ᠎ᠡ᠃      ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠨ ᠤ ᠵᠠᠭᠠᠯᠳᠤᠯᠭ᠎ᠠ ᠶᠢᠨ ᠠᠷᠭ᠎ᠠ ᠵᠠᠮ ᠤᠨ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠠᠵᠢᠯ ᠤᠨ ᠡᠬᠡ ᠲᠠᠩᠰᠠ ᠪᠠᠶᠢᠭᠤᠯᠬᠤ ᠪᠠᠷ ᠳᠠᠮᠵᠢᠭᠤᠯᠤᠨ᠂ ᠵᠠᠭᠠᠯᠳᠤᠯᠭ᠎ᠠ ᠶᠢᠨ ᠠᠰᠠᠭᠤᠳᠠᠯ ᠢ ᠲᠥᠷᠥᠯ ᠬᠤᠪᠢᠶᠠᠨ ᠰᠢᠯᠵᠢᠭᠦᠯᠦᠨ ᠭᠦᠢᠴᠡᠳᠬᠡᠬᠦ ᠪᠠ ᠴᠡᠭᠴᠡᠯᠡᠨ ᠥᠭᠡᠷᠡᠴᠢᠯᠡᠵᠦ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠭᠠᠯᠳᠤᠯᠭ᠎ᠠ ᠶᠢᠨ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠰᠢᠯᠵᠢᠭᠦᠯᠦᠨ ᠭᠦᠢᠴᠡᠳᠬᠡᠬᠦ ᠠᠵᠢᠯ ᠢ ᠨᠠᠷᠢᠯᠢᠭ ᠣᠨᠣᠴᠠᠲᠠᠢ ᠪᠠᠷ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠨᠢᠭᠡᠨᠲᠡ ᠰᠢᠯᠵᠢᠭᠦᠯᠦᠨ ᠰᠢᠢᠳᠪᠦᠷᠢᠯᠡᠭᠦᠯᠦᠭᠰᠡᠨ ᠵᠠᠭᠠᠯᠳᠤᠯᠭ᠎ᠠ ᠶᠢᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠬᠤᠷᠢᠶᠠᠩᠭᠤᠶᠢᠯᠠᠵᠤ᠂ ᠵᠠᠭᠠᠯᠳᠤᠯᠭ᠎ᠠ ᠶᠢᠨ ᠠᠬᠢᠴᠠ ᠶᠢ ᠴᠠᠭ ᠲᠤᠬᠠᠢ ᠳᠤᠨᠢ ᠠᠵᠤ ᠠᠬᠤᠶᠢᠯᠠᠯ ᠳᠤ ᠬᠠᠷᠢᠭᠤ ᠲᠤᠰᠬᠠᠵᠤ᠂ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠱᠠᠭᠠᠷᠳᠠᠯᠭ᠎ᠠ ᠳᠤ ᠴᠥᠮ ᠬᠠᠷᠢᠭᠤᠯᠲᠠ ᠥᠭᠬᠦ ᠶᠢ ᠦᠨᠡᠨ ᠬᠦ ᠪᠠᠲᠤᠯᠠᠬᠤ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︽ᠵᠢᠵᠢᠭ ᠴᠣᠩᠬᠤ︾ ᠶᠢᠨ ︽ᠶᠡᠭᠡ ᠦᠢᠯᠡᠳᠦᠯ︾  ᠢ ᠭᠦᠢᠴᠡᠳ ᠪᠠᠳᠠᠷᠠᠭᠤᠯᠵᠤ᠂ ᠪᠠᠶᠢᠩᠭᠤᠵᠢᠭᠰᠠᠨ᠂ ᠰᠢᠰᠲ᠋ᠧᠮᠵᠢᠭᠰᠡᠨ᠂ ᠪᠦᠬᠦ ᠬᠡᠯᠬᠢᠶ᠎ᠡ᠂ ᠥᠨᠳᠥᠷ ᠦᠷ᠎ᠡ ᠪᠦᠲᠦᠮᠵᠢ ᠲᠠᠢ ᠦᠨᠡᠨᠴᠢ ᠢᠲᠡᠭᠡᠮᠵᠢᠲᠡᠢ ᠪᠠᠷ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠪᠠᠶᠢᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ︽ᠲᠠ ᠰᠠᠨᠠᠭ᠎ᠠ ᠠᠮᠤᠷ ᠪᠠᠶᠢᠭᠠᠷᠠᠢ︾ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠭᠢᠯᠠᠷᠠᠭᠤᠯᠤᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1