ᠴᠧᠩ ᠭᠤᠸᠠᠨ ᠪᠠᠯᠭᠠᠰᠤ ᠲᠣᠰᠬᠤᠨ ᠳᠤ ᠰᠠᠭᠤᠭ᠎ᠠ ᠺᠠᠳ᠋ᠷᠴᠤᠳ ᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/4/16
     ᠲᠣᠰᠬᠤᠨ ᠳᠤ ᠰᠠᠭᠤᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠣᠨ ᠪᠣᠳᠠᠲᠠᠢ ᠠᠷᠭ᠎ᠠ ᠪᠣᠳᠣᠯᠭ᠎ᠠ ᠶᠢ ᠭᠦᠨᠵᠡᠭᠡᠢ ᠣᠶᠢᠯᠠᠭᠠᠬᠤ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 10 ᠤ ᠦᠳᠡ ᠶᠢᠨ ᠡᠮᠦᠨ᠎ᠡ᠂ ᠴᠧᠩ ᠭᠤᠸᠠᠨ ᠪᠠᠯᠭᠠᠰᠤ ᠶᠢᠨ ᠬᠢᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠶᠠᠷᠢᠯᠴᠠᠬᠤ ᠬᠤᠷᠠᠯ ᠬᠢᠵᠦ᠂ ᠬᠤᠷᠠᠯ ᠢ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠷᠦᠢ ᠴᠦᠨ ᠡᠷᠬᠢᠯᠡᠵᠦ᠂ ᠰᠢᠶᠠᠨ ᠤ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠦ ᠰᠢᠤᠸᠠᠢ ᠫᠢᠩ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠭᠤᠤ ᠭᠧᠨ ᠶᠤᠸᠠᠨ᠂ ᠴᠧᠩ ᠭᠤᠸᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠾᠧᠦ ᠬᠠᠢ ᠴᠢᠩ᠂ ᠴᠧᠩ ᠭᠤᠸᠠᠨ ᠪᠠᠯᠭᠠᠰᠤ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠤᠶᠠᠩᠭ᠎ᠠ᠂ ᠡᠯ᠎ᠡ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠲᠣᠰᠬᠤᠨ ᠳᠤ ᠰᠠᠭᠤᠭ᠎ᠠ ᠭᠡᠰᠢᠭᠦᠳ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠲᠣᠰᠬᠤᠨ ᠳᠤ ᠰᠠᠭᠤᠭ᠎ᠠ ᠡᠯ᠎ᠡ ᠨᠢᠭᠡᠳᠦᠭᠡᠷ ᠱᠦᠵᠢ ᠲᠤᠰ ᠲᠤᠰ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠠᠷᠠᠳ ᠤᠨ ᠠᠮᠢᠳᠤᠷᠠᠯ ᠤᠨ ᠵᠦᠢᠯᠡᠰ᠂ ᠲᠣᠰᠬᠤᠨ ᠤ ᠬᠠᠮᠲᠤ ᠶᠢᠨ ᠣᠷᠣᠯᠭ᠎ᠠ ᠶᠢᠨ ᠨᠡᠮᠡᠭᠳᠡᠯ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠣᠰᠬᠤᠨ ᠤ ᠳᠡᠰ ᠤᠨ ᠠᠯᠪᠠᠯᠠᠬᠤ ᠭᠠᠵᠠᠷ ᠵᠡᠷᠭᠡ ᠲᠠᠯ᠎ᠠ ᠪᠠᠷ ᠲᠣᠰᠬᠤᠨ ᠳᠤ ᠰᠠᠭᠤᠭᠰᠠᠨ ᠠᠴᠠ ᠨᠠᠰᠢᠬᠢ ᠠᠵᠢᠯ ᠤᠨ ᠠᠭᠤᠯᠭ᠎ᠠ᠂ ᠢᠯᠡᠷᠡᠭᠦᠯᠦᠭᠰᠡᠨ ᠠᠰᠠᠭᠤᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠᠨ ᠲᠠᠨᠢᠯᠴᠠᠭᠤᠯᠪᠠ᠃      ᠬᠤᠷᠠᠯ ᠠᠴᠠ ᠴᠢᠭᠬᠤᠯᠠᠴᠢᠯᠭᠰᠠᠨ ᠨᠢ᠂ ᠨᠢᠭᠡ ᠳᠤ᠂ ᠨᠠᠮ ᠤᠨ ᠪᠠᠶᠢᠭᠤᠯᠤᠯᠲᠠ ᠶᠢ ᠠᠳᠬᠤᠵᠤ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠬᠢᠵᠢᠭᠦᠯᠬᠦ ᠬᠡᠷᠡᠭᠲᠡᠢ︔ ᠬᠤᠶᠠᠷ ᠲᠤ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠬᠡᠷᠡᠭᠲᠡᠢ︔ ᠭᠤᠷᠪᠠ ᠳᠤ᠂ ᠪᠦᠯᠬᠦᠮᠳᠡᠨ ᠬᠠᠪᠰᠤᠷᠤᠯᠴᠠᠵᠤ᠂ ᠡᠯ᠎ᠡ ᠨᠢᠭᠡᠳᠦᠭᠡᠷ ᠱᠦᠵᠢ ᠲᠤᠷᠰᠢᠯᠭ᠎ᠠ ᠪᠠ ᠪᠤᠳᠤᠯ ᠢᠶᠠᠨ ᠬᠠᠷᠢᠯᠴᠠᠨ ᠰᠣᠯᠢᠯᠴᠠᠵᠤ᠂ ᠴᠧᠩ ᠭᠤᠸᠠᠨ ᠪᠠᠯᠭᠠᠰᠤ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠳᠠᠷᠠᠭᠠᠴᠢ ᠶᠢᠨ ᠠᠯᠬᠤᠮ ᠳᠤ᠂ ᠴᠧᠩ ᠭᠤᠸᠠᠨ ᠪᠠᠯᠭᠠᠰᠤ ᠶᠢᠨ ᠬᠢᠨ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠲᠣᠰᠬᠤᠨ ᠳᠤ ᠰᠠᠭᠤᠬᠤ ᠬᠤᠭᠤᠴᠠᠭᠠᠨ ᠳᠠᠬᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠣᠰᠬᠤᠨ ᠳᠤ ᠰᠠᠭᠤᠬᠤ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠰᠠᠨᠠᠭ᠎ᠠ ᠠᠮᠤᠷ ᠠᠵᠢᠯᠯᠠᠵᠤ᠂ ᠪᠣᠳᠠᠲᠠᠢ ᠠᠮᠵᠢᠯᠲᠠ ᠭᠠᠷᠭᠠᠬᠤ ᠶᠢ ᠪᠠᠲᠤᠯᠠᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1