ᠴᠢᠩ ᠱᠦᠢ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠶᠣᠣ ᠭᠧᠦ ᠲᠣᠮᠢᠯᠠᠭᠰᠠᠨ ᠰᠠᠯᠪᠤᠷᠢ᠄ ᠭᠠᠳᠠᠭᠠᠳᠤ ᠳᠤ ᠲᠥᠷᠥᠭᠰᠡᠨ ᠨᠢᠯᠬ᠎ᠠ ᠬᠡᠦᠬᠡᠳ ᠢ ᠬᠠᠪᠰᠤᠷᠤᠨ ᠡᠷᠦᠬᠡ ᠠᠮᠠ ᠶᠢᠨ ᠳᠠᠩᠰᠠᠨ ᠳᠤ ᠣᠷᠣᠭᠤᠯᠤᠭᠰᠠᠨ ᠠᠷᠠᠳ ᠤᠨ ᠴᠠᠭᠳᠠᠭ᠎ᠠ ᠬᠡᠮᠡᠷᠯᠢᠭ ᠲᠤᠭ ᠣᠯᠪᠠ
ᠨᠡᠶᠢᠲᠡᠯᠡᠭᠰᠡᠨ ᠴᠠᠭ᠄
2024/4/17
     ᠣᠶᠢᠷ᠎ᠠ ᠳᠤ᠂ ᠴᠢᠩ ᠱᠦᠢ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠣᠣ ᠭᠧᠦ ᠲᠣᠮᠢᠯᠠᠭᠰᠠᠨ ᠰᠠᠯᠪᠤᠷᠢ ᠭᠠᠳᠠᠭᠠᠳᠤ ᠳᠤ ᠲᠥᠷᠥᠭᠰᠡᠨ ᠨᠢᠯᠬ᠎ᠠ ᠬᠡᠦᠬᠡᠳ ᠲᠤ ᠡᠷᠦᠬᠡ ᠠᠮᠠ ᠣᠷᠣᠭᠤᠯᠬᠤ ᠭᠠᠷ ᠭᠦᠢᠴᠡᠳᠬᠡᠯ ᠢ ᠠᠮᠵᠢᠯᠲᠠᠲᠠᠢ ᠬᠢᠵᠦ ᠥᠭᠴᠡᠢ᠃ ᠬᠡᠷᠡᠭ ᠤᠨ ᠳᠠᠷᠠᠭ᠎ᠠ᠂ ᠺᠠᠮᠪᠤᠵᠠ ᠳᠤ ᠪᠠᠶᠢᠭ᠎ᠠ ᠸᠠᠩ ᠠᠪᠠᠭ᠋ᠠᠢ ᠠᠴᠠ ᠤᠯᠤᠰ ᠤᠨ ᠳᠣᠲᠣᠭᠠᠳᠤ ᠶᠢᠨ ᠲᠥᠷᠥᠯ ᠰᠠᠳᠤᠨ ᠳᠠᠭᠠᠨ ᠨᠢᠭᠡᠨ ᠬᠡᠮᠡᠷᠯᠢᠭ ᠲᠤᠭ ᠢ ᠲᠣᠮᠢᠯᠠᠭᠰᠠᠨ ᠰᠠᠯᠪᠤᠷᠢ ᠳᠤ ᠢᠯᠡᠭᠡᠵᠦ ᠲᠠᠯᠠᠷᠬᠠᠯ ᠢᠶᠠᠨ ᠢᠯᠡᠳᠬᠡᠬᠦ ᠶᠢ ᠵᠠᠬᠢᠪᠠ᠃
     ᠡᠨᠡ ᠵᠢᠯ ᠤᠨ 3 ᠰᠠᠷ᠎ᠠ ᠶᠢᠨ ᠰᠡᠭᠦᠯᠴᠢ ᠪᠠᠷ᠂ ᠡᠷᠦᠬᠡ ᠠᠮᠠ ᠶᠢᠨ ᠲᠠᠩᠰᠠ ᠨᠢ ᠴᠢᠩ ᠱᠦᠢ ᠾᠧ ᠰᠢᠶᠠᠨ ᠤ ᠶᠣᠣ ᠭᠧᠦ ᠰᠢᠶᠠᠩ ᠤᠨ ᠨᠠᠨ ᠶᠧ ᠼᠦᠨ ᠲᠣᠰᠬᠤᠨ ᠤ ᠸᠠᠩ ᠠᠪᠠᠭ᠋ᠠᠢ ᠠᠴᠠ ᠶᠣᠣ ᠭᠧᠦ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠲᠠᠩᠰᠠ ᠶᠢᠨ ᠴᠣᠩᠬᠤᠨ ᠳᠤ ᠤᠲᠠᠰᠤ ᠶᠠᠪᠤᠭᠤᠯᠵᠠᠢ᠃ ︽ᠲᠠ ᠰᠠᠶᠢᠨ ᠦᠦ᠂ ᠲᠠ ᠶᠠᠮᠠᠷ ᠠᠵᠢᠯ ᠭᠦᠢᠴᠡᠳᠬᠡᠬᠦ ᠭᠡᠵᠦ ᠪᠣᠢ︖︾ᠡᠷᠦᠬᠡ ᠠᠮᠠ ᠶᠢᠨ ᠲᠠᠩᠰᠠ ᠶᠢᠨ ᠴᠠᠭᠳᠠᠭ᠎ᠠ ᠵᠣᠣ ᠽᠢ ᠾᠧ ᠬᠠᠯᠠᠭᠤᠮᠰᠤᠭ ᠢᠶᠠᠷ ᠠᠰᠠᠭᠤᠪᠠ᠃  ᠃ ︽ᠴᠠᠭᠳᠠᠭ᠎ᠠ᠂ ᠪᠢ ᠥᠬᠢᠨ ᠳᠡᠭᠡᠨ ᠳᠤᠮᠳᠠᠳᠤ ᠤᠯᠤᠰ ᠤᠨ ᠡᠷᠦᠬᠡ ᠠᠮᠠ ᠶᠢᠨ ᠳᠠᠩᠰᠠ ᠬᠢᠵᠦ ᠥᠭᠭᠦᠶ᠎ᠡ ᠭᠡᠵᠦ ᠪᠣᠳᠣᠵᠤ ᠪᠠᠢᠨ᠎ᠠ᠂ ᠲᠡᠷᠡ ᠪᠣᠯ ᠭᠠᠳᠠᠭᠠᠳᠤ ᠳᠤ ᠲᠥᠷᠥᠭᠰᠡᠨ ᠬᠥᠮᠥᠨ ᠶᠤᠮ᠂ ᠲᠠ ᠦᠵᠡᠪᠡᠯ ᠶᠠᠮᠠᠷ ᠭᠠᠷ ᠭᠦᠢᠴᠡᠳᠬᠡᠯ ᠬᠢᠬᠦ ᠬᠡᠷᠡᠭᠲᠡᠢ ᠪᠤᠶ︖︾  ᠤᠤᠯ ᠨᠢ ᠸᠠᠩ ᠠᠪᠠᠭ᠋ᠠᠢ ᠨᠥᠬᠦᠷ ᠲᠠᠢ ᠪᠠᠨ ᠺᠠᠮᠪᠤᠵᠠ ᠳᠤ ᠠᠵᠢᠯᠯᠠᠵᠤ ᠪᠠᠶᠢᠭᠰᠠᠨ ᠪᠥᠭᠡᠳ ᠡᠨᠡ ᠵᠢᠯ ᠤᠨ 2 ᠰᠠᠷ᠎ᠠ ᠶᠢᠨ ᠡᠬᠢ ᠪᠠᠷ ᠵᠢᠨᠪᠢᠶᠠᠨ  ᠳᠤ ᠨᠢᠭᠡ ᠥᠬᠢᠨ ᠲᠠᠢ ᠪᠣᠯᠵᠠᠢ᠃ ᠪᠠᠶᠠᠷᠯᠠᠬᠤ ᠶᠢᠨ ᠳᠠᠭᠠᠤ ᠳᠤ᠂ ᠠᠵᠢᠯ ᠤᠨ ᠰᠢᠯᠲᠠᠭᠠᠨ ᠠᠴᠠ ᠪᠣᠯᠵᠤ ᠤᠯᠤᠰ ᠲᠠᠭᠠᠨ ᠪᠤᠴᠠᠵᠤ ᠢᠷᠡᠭᠡᠳ ᠬᠡᠦᠬᠡᠳ ᠲᠡᠭᠡᠨ ᠡᠷᠦᠬᠡ ᠠᠮᠠ ᠶᠢᠨ ᠲᠠᠩᠰᠠ ᠬᠢᠵᠦ ᠥᠭᠭᠦᠭᠰᠡᠨ ᠦᠭᠡᠢ ᠪᠥᠭᠡᠳ ᠰᠠᠶ᠋ᠢ ᠲᠥᠷᠥᠭᠰᠡᠨ ᠬᠡᠦᠬᠡᠳ ᠤᠨ ᠠᠨᠠᠭᠠᠬᠤ ᠤᠬᠠᠭᠠᠨ ᠤ ᠭᠡᠷᠡᠴᠢᠯᠡᠯ ᠨᠢ ᠴᠥᠮ ᠭᠠᠳᠠᠭᠠᠳᠤ ᠬᠡᠯᠡ ᠪᠠᠷ ᠪᠢᠴᠢᠭᠳᠡᠭᠰᠡᠨ ᠪᠣᠯᠬᠤᠷ ᠡᠷᠦᠬᠡ ᠠᠮᠠ ᠶᠢᠨ ᠲᠠᠩᠰᠠ ᠣᠷᠣᠭᠤᠯᠬᠤ ᠳᠤ ᠬᠦᠴᠢᠷ ᠠᠰᠠᠭᠤᠳᠠᠯ ᠲᠤᠯᠭᠠᠷᠠᠬᠤ ᠠᠴᠠ ᠠᠶᠤᠵᠤ᠂ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠪᠠ ᠬᠡᠷᠡᠭᠴᠡᠭᠡ ᠪᠦᠬᠦᠢ ᠭᠡᠷᠡᠴᠢᠯᠡᠬᠦ ᠮᠠᠲ᠋ᠧᠷᠢᠶᠠᠯ ᠢ ᠲᠤᠰᠬᠠᠶᠢᠯᠠᠨ ᠤᠲᠠᠰᠤ ᠪᠠᠷ ᠠᠰᠠᠭᠤᠨ ᠯᠠᠪᠯᠠᠵᠠᠢ᠃      ᠸᠠᠩ ᠠᠪᠠᠭ᠋ᠠᠢ ᠶᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠬᠡᠦᠬᠡᠳ ᠢ ᠨᠢ ᠤᠷᠤᠭᠰᠢᠲᠠᠢ ᠪᠠᠷ ᠡᠷᠦᠬᠡ ᠠᠮᠠ ᠣᠷᠣᠭᠤᠯᠬᠤ ᠶᠢᠨ ᠲᠥᠯᠥᠭᠡ ᠵᠣᠣ ᠽᠢ ᠾᠧ ᠰᠠᠨᠠᠭᠠᠴᠢᠯᠠᠭ᠎ᠠ ᠠᠴᠠ ᠪᠠᠨ ᠸᠠᠩ ᠠᠪᠠᠭ᠋ᠠᠢ ᠶᠢᠨ ᠸᠢᠴᠠᠲ ᠢ ᠨᠡᠮᠡᠵᠦ ᠪᠠᠶᠢᠳᠠᠯ ᠢ ᠣᠶᠢᠯᠭᠠᠭᠰᠠᠨ ᠪᠥᠭᠡᠳ ᠰᠢᠶᠠᠨ ᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠡᠷᠦᠬᠡ ᠠᠮᠠ ᠶᠢᠨ ᠶᠠᠪᠤᠳᠠᠯ ᠤᠨ ᠴᠣᠩᠬᠤ ᠠᠴᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠤᠴᠢᠷ ᠶᠠᠪᠤᠳᠠᠯ ᠢ ᠳᠡᠭᠡᠳᠦ ᠱᠠᠲᠤᠨ ᠤ ᠪᠠᠶᠢᠭᠤᠯᠭ᠎ᠠ ᠶᠢᠨ ᠵᠢᠯᠣᠭᠤᠳᠤᠯᠭ᠎ᠠ ᠳᠣᠣᠷ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠡᠶᠢᠲᠡᠯᠡᠭᠰᠡᠨ ︽ᠡᠷᠦᠬᠡ ᠠᠮᠠ ᠶᠢᠨ ᠲᠠᠩᠰᠠ ᠵᠢᠴᠢ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠵᠦᠢᠯᠡᠰ ᠤᠨ ᠨᠠᠷᠢᠨ ᠲᠠᠩᠰᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠵᠣᠣ ᠽᠢ ᠾᠧ ᠨᠠᠷᠢᠨ ᠬᠢᠨᠠᠮᠠᠭᠠᠢ ᠪᠠᠷ ᠮᠡᠳᠡᠭᠦᠯᠬᠦ ᠴᠢᠬᠤᠯᠠᠲᠠᠢ ᠮᠠᠲ᠋ᠧᠷᠢᠶᠠᠯ ᠢ ᠸᠠᠩ ᠠᠪᠠᠭ᠋ᠠᠢ ᠳᠤ ᠮᠡᠳᠡᠭᠳᠡᠵᠦ᠂ ᠸᠠᠩ ᠠᠪᠠᠭ᠋ᠠᠢ ᠪᠣᠶ ᠪᠦᠬᠦᠢ ᠭᠠᠷ ᠭᠦᠢᠴᠡᠳᠬᠡᠯ ᠢᠶᠠᠨ ᠪᠦᠷᠢᠨ ᠪᠡᠯᠡᠳᠬᠡᠭᠰᠡᠨ ᠤ ᠳᠠᠷᠠᠭ᠎ᠠ ᠲᠣᠮᠢᠯᠠᠭᠰᠠᠨ ᠰᠠᠯᠪᠤᠷᠢ ᠳᠤ ᠢᠯᠡᠭᠡᠪᠡ᠃ ᠲᠦᠷᠭᠡᠨ ᠬᠦᠷᠭᠡᠯᠲᠡ ᠶᠢ ᠣᠯᠣᠭᠰᠠᠨ ᠤ ᠳᠠᠷᠠᠭ᠎ᠠ᠂ ᠵᠣᠣ ᠽᠢ ᠾᠧ ᠲᠡᠷᠡ ᠳᠠᠷᠤᠢ ᠳᠤᠨᠢ ᠭᠠᠷ ᠭᠦᠢᠴᠡᠳᠬᠡᠯ ᠬᠢᠵᠦ᠂ ᠸᠠᠩ ᠠᠪᠠᠭ᠋ᠠᠢ ᠶᠢᠨ ᠬᠡᠦᠬᠡᠳ ᠤᠨ ᠡᠷᠦᠬᠡ ᠠᠮᠠ ᠣᠷᠣᠬᠤ ᠬᠦᠴᠢᠷ ᠠᠰᠠᠭᠤᠳᠠᠯ ᠢ ᠠᠮᠵᠢᠯᠲᠠ ᠲᠠᠢ ᠪᠠᠷ ᠰᠢᠢᠳᠪᠦᠷᠢᠯᠡᠵᠦ ᠥᠭᠴᠡᠢ᠃      ᠬᠡᠷᠡᠭ ᠤᠨ ᠳᠠᠷᠠᠭ᠎ᠠ᠂ ᠸᠠᠩ ᠠᠪᠠᠭ᠋ᠠᠢ ᠸᠢᠴᠠᠲ ᠲᠤ ᠲᠠᠯᠠᠷᠬᠠᠬᠤ ᠶᠢᠨ ᠬᠠᠮᠲᠤ ᠠᠷᠠᠳ ᠤᠨ ᠴᠠᠭᠳᠠᠭ᠎ᠠ ᠶᠢᠨ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡᠨ ᠳᠤ ᠬᠡᠮᠡᠷᠯᠢᠭ ᠲᠤᠭ ᠪᠡᠯᠡᠭᠯᠡᠵᠦ ᠮᠠᠭᠲᠠᠵᠠᠢ︕
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1