ᠴᠢᠩ ᠱᠦᠢ ᠾᠧ ᠰᠢᠶᠠᠨ᠄ ︽ᠳᠥᠷᠪᠡᠨ ᠠᠷᠭ᠎ᠠ ᠬᠡᠮᠵᠢᠶ᠎ᠡ︾ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/4/17
     ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠶᠢᠨ ᠲᠥᠯᠥᠭᠡ᠂ ᠴᠢᠩ ᠱᠦᠢ ᠾᠧ ᠰᠢᠶᠠᠨ ᠤ ᠬᠢᠨ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠭᠰᠡᠨ ᠠᠴᠠ ᠨᠠᠰᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠡᠮᠬᠢ ᠵᠠᠮᠪᠠᠷᠠᠭ᠎ᠠ ᠦᠭᠡᠢ ᠪᠠᠶᠢᠳᠠᠯ ᠢ ᠶᠡᠬᠡᠪᠡᠷ ᠴᠡᠭᠴᠡᠯᠡᠨ ᠵᠠᠰᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠬᠦᠷᠢᠶ᠎ᠡ ᠶᠢᠨ ᠠᠮᠤᠷ ᠲᠦᠪᠰᠢᠨ ᠤ ᠰᠠᠭᠤᠷᠢ ᠶᠢ ᠪᠠᠲᠤᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠢ ᠬᠠᠮᠠᠭᠠᠯᠠᠵᠤ ᠪᠣᠢ᠃      ᠲᠤᠰᠬᠠᠢ ᠲᠤᠰᠢᠶᠠᠯᠲᠤ ᠴᠠᠭᠳᠠᠭᠠᠨ ᠤ ᠬᠦᠴᠦᠨ ᠢ ᠨᠠᠶᠢᠳᠠᠪᠤᠷᠢᠵᠢᠭᠤᠯᠵᠤ᠂ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠠᠵᠢᠯ ᠢ ᠥᠷᠨᠢᠭᠦᠯᠪᠡ᠃ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠬᠦᠷᠢᠶᠡᠨ ᠤ ᠴᠠᠭᠳᠠᠭᠠᠨ ᠤ ᠶᠠᠪᠤᠳᠠᠯ ᠤᠨ ᠲᠠᠰᠤᠭ ᠢ ᠪᠠᠶᠢᠭᠤᠯᠵᠤ᠂ ᠲᠤᠰᠬᠠᠢ ᠲᠤᠰᠢᠶᠠᠯᠲᠤ ᠰᠤᠷᠭᠠᠭᠤᠯᠢ ᠶᠢᠨ ᠴᠠᠭᠳᠠᠭ᠎ᠠ ᠲᠣᠬᠢᠷᠠᠭᠤᠯᠤᠨ᠂ ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠴᠠᠭ ᠲᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠴᠠᠭᠳᠠᠭ᠎ᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠡᠭᠦᠳᠡᠨ ᠵᠢᠴᠢ ᠡᠷᠬᠢᠨ ᠲᠣᠭᠤᠷᠢᠨ ᠳᠤ ᠲᠣᠭᠤᠷᠢᠨ ᠴᠠᠭᠳᠠᠬᠤ ᠬᠥᠮᠥᠨ ᠲᠠᠢ᠂ ᠰᠡᠷᠭᠡᠶᠢᠯᠡᠬᠦ ᠬᠥᠮᠥᠨ ᠲᠠᠢ ᠪᠠᠶᠢᠬᠤ ᠶᠢ ᠦᠨᠡᠨᠬᠦ ᠪᠠᠲᠤᠯᠠᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠪᠡ᠃ ᠡᠭᠦᠨ ᠤ ᠬᠠᠮᠲᠤ᠂ ᠬᠠᠤᠯᠢ ᠪᠠᠷ ᠵᠠᠰᠠᠬᠤ ᠰᠤᠷᠭᠠᠭᠤᠯᠢ ᠶᠢᠨ ᠳᠡᠳ᠋ ᠵᠠᠬᠢᠷᠤᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠤᠷᠭᠠᠭᠤᠯᠢ ᠶᠢᠨ ᠲᠠᠯ᠎ᠠ᠂ ᠰᠤᠷᠭᠠᠭᠤᠯᠢ ᠳᠤ ᠰᠠᠭᠤᠭ᠎ᠠ ᠠᠷᠠᠳ ᠤᠨ ᠴᠠᠭᠳᠠᠭ᠎ᠠ ᠶᠢ ᠢᠳᠡᠪᠬᠢᠲᠡᠢ ᠪᠠᠷ ᠵᠣᠬᠢᠴᠠᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠰᠤᠷᠭᠠᠭᠤᠯᠢ ᠳᠤ ᠬᠤᠯᠪᠣᠭᠳᠠᠭᠰᠠᠨ ᠴᠠᠭᠳᠠᠭᠠᠨ ᠤ ᠪᠠᠶᠢᠳᠠᠯ ᠢ ᠵᠠᠳᠠᠯᠤᠨ ᠰᠤᠳᠤᠯᠵᠤ᠂ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠬᠢᠨᠠᠮᠠᠭᠠᠢ ᠣᠶᠢᠯᠠᠭᠠᠬᠤ ᠶᠢᠨ ᠬᠠᠮᠲᠤ ᠢᠳᠡᠪᠬᠢᠲᠡᠢ ᠪᠠᠷ ᠰᠢᠢᠳᠪᠦᠷᠢᠯᠡᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠬᠤ ᠶᠢ ᠦᠨᠡᠨ ᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠠᠮᠲᠤ ᠶᠢᠨ ᠬᠦᠴᠦᠨ ᠨᠡᠮᠡᠷᠢᠯᠡᠪᠡ᠃      ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠳᠠᠯᠳᠠ ᠬᠡᠮ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠡᠯ᠎ᠡ ᠲᠣᠮᠢᠯᠠᠭᠰᠠᠨ ᠰᠠᠯᠪᠤᠷᠢ ᠵᠡᠷᠭᠡ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ ᠲᠣᠭᠲᠠᠮᠠᠯ ᠪᠤᠰᠤ ᠬᠤᠭᠤᠴᠠᠭ᠎ᠠ  ᠲᠠᠢ  ᠪᠠᠷ ᠰᠤᠷᠭᠠᠭᠤᠯᠢ ᠶᠢᠨ ᠬᠦᠷᠢᠶᠡᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠳᠣᠲᠣᠷᠠᠬᠢ ︽ᠨᠢᠭᠡ ᠳᠠᠷᠤᠪᠴᠢᠲᠤ︾ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠤᠭᠰᠠᠷᠠᠬᠤ᠂ ᠭᠠᠯ ᠤᠨᠲᠠᠷᠠᠭᠠᠬᠤ ᠵᠢᠴᠢ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠲᠥᠬᠦᠭᠡᠷᠦᠮᠵᠢ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠬᠦᠴᠦᠨ ᠢ ᠲᠣᠬᠢᠷᠠᠭᠤᠯᠬᠤ᠂ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭᠠᠨ᠂ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠳᠤ ᠭᠤᠣᠯᠳᠠᠯᠭ᠎ᠠ ᠲᠠᠢ ᠨᠠᠷᠢᠨ ᠨᠢᠮᠪᠠᠢ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠰᠤᠷᠭᠠᠭᠤᠯᠢ ᠶᠢ ︽ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ︾ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢ ᠶᠢ ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠠᠮᠤᠷ ᠢ ᠬᠠᠮᠠᠭᠠᠯᠠᠬᠤ ᠴᠡᠭᠴᠡᠯᠡᠨ ᠵᠠᠰᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠮᠤᠷ ᠢ ᠬᠠᠮᠠᠭᠠᠯᠠᠬᠤ᠂ ᠴᠠᠭᠳᠠᠭᠠᠨ ᠤ ᠰᠠᠯᠪᠤᠷᠢ᠂  ᠲᠣᠮᠢᠯᠠᠭᠰᠠᠨ ᠰᠠᠯᠪᠤᠷᠢ ᠵᠡᠷᠭᠡ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠤᠨ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠬᠤ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠦᠷᠢᠶᠡᠰᠦᠨ ᠭᠡᠷ᠂ ᠵᠢᠵᠢᠭ ᠬᠤᠭᠤᠯᠠᠨ ᠰᠢᠷᠡᠭᠡ᠂ ᠵᠢᠵᠢᠭ ᠳᠡᠯᠭᠡᠭᠦᠷ᠂ ᠢᠳᠡᠭᠡᠨ ᠤᠮᠳᠠᠭᠠᠨ ᠤ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠤᠯᠠᠮ ᠨᠢᠭᠡ ᠠᠯᠬᠤᠮ ᠪᠠᠬᠢᠵᠢᠭᠦᠯᠪᠡ᠃      ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠪᠠᠭᠰᠢ ᠰᠤᠷᠤᠭᠴᠢᠳ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠰᠤᠷᠭᠠᠭᠤᠯᠢ ᠶᠢᠨ ᠳᠡᠳ᠋ ᠵᠠᠬᠢᠷᠤᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠬᠠᠷᠢᠶᠠᠲᠤ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠬᠤᠣᠷᠲᠤ ᠡᠳ᠋ ᠢ ᠴᠠᠭᠠᠵᠠᠯᠠᠬᠤ᠂ ᠮᠡᠬᠡᠯᠡᠬᠦ ᠶᠢ ᠡᠰᠡᠷᠭᠦᠴᠡᠬᠦ᠂ ᠰᠦᠷᠳᠡᠭᠦᠯᠬᠦ ᠶᠢ ᠡᠰᠡᠷᠭᠦᠴᠡᠬᠦ ᠵᠡᠷᠭᠡ ᠭᠤᠣᠯ ᠰᠡᠳᠦᠪᠲᠦ ᠲᠠᠶᠢᠯᠤᠮᠵᠢ ᠶᠢ ᠥᠷᠨᠢᠭᠦᠯᠵᠦ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠬᠡᠷᠡᠭ ᠢᠶᠠᠷ ᠬᠠᠤᠯᠢ ᠶᠢ ᠬᠡᠯᠡᠬᠦ᠂ ᠬᠡᠷᠡᠭ ᠢᠶᠠᠷ ᠬᠠᠤᠯᠢ ᠶᠢ ᠰᠤᠷᠬᠤ ᠠᠷᠭ᠎ᠠ ᠮᠠᠶ᠋ᠢᠭ ᠢ ᠠᠪᠴᠤ᠂ ᠰᠤᠷᠤᠭᠴᠢᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠠᠶᠢᠯᠪᠤᠷᠢᠯᠠᠨ ᠥᠭᠴᠦ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠵᠥᠪ ᠦᠵᠡᠯᠲᠡ ᠲᠠᠢ ᠪᠣᠯᠭᠠᠵᠤ᠂ ᠮᠠᠭᠤ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠠᠤᠯᠢ ᠶᠢ ᠵᠥᠷᠢᠴᠡᠨ ᠶᠠᠯ᠎ᠠ ᠬᠢᠬᠦ ᠵᠠᠮ ᠢᠶᠠᠷ ᠵᠠᠮᠨᠠᠬᠤ ᠶᠢ ᠨᠢ ᠰᠡᠷᠭᠡᠶᠢᠯᠡᠭᠦᠯᠪᠡ᠃      ᠡᠭᠦᠨ ᠤ ᠵᠡᠷᠭᠡ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠡᠩᠨᠡᠭᠡ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠬᠠᠮᠵᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠢᠳᠡᠪᠬᠢᠲᠡᠢ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠰᠢᠶᠠᠨ ᠤ 15 ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠭᠴᠢ ᠳᠤ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠤᠨ ᠪᠣᠯᠪᠠᠰᠤᠷᠠᠯ ᠪᠣᠯᠣᠨ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠭᠴᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠪᠠᠴᠢᠮ ᠪᠠᠶᠢᠳᠠᠯ ᠢ ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ ᠰᠣᠷᠣᠭᠴᠢ ᠶᠢᠨ ᠭᠡᠷ ᠤᠨ ᠠᠬᠠᠮᠠᠳ ᠲᠤ ᠲᠣᠭᠲᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠬᠦᠷᠭᠡᠨ ᠥᠭᠴᠦ᠂ ᠰᠣᠷᠣᠭᠴᠢ ᠪᠣᠯᠣᠨ ᠭᠡᠷ ᠤᠨ ᠠᠬᠠᠮᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠮᠰᠠᠷ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1