ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠣᠷᠣᠨ ᠤ ᠳᠣᠲᠣᠷ᠎ᠠ ᠰᠢᠭᠤᠳ ᠭᠠᠷᠭᠠᠬᠤ︾ ᠲᠤᠬᠠᠶᠢᠯᠠᠭᠰᠠᠨ ᠠᠵᠢᠯ ᠢ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/4/18
     ︵ᠰᠤᠷᠪᠤᠯᠵᠢᠯᠠᠭᠴᠢ ᠴᠢ ᠰᠢᠶᠣᠣ ᠶᠠᠨ  ᠴᠢᠮᠡᠭᠡᠯᠡᠭᠴᠢ ᠸᠠᠩ ᠢᠦᠢ ᠹᠧᠩ︶ 4 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠪᠧᠢ ᠰᠢᠩ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠢᠭᠡ ᠪᠦᠯᠦᠭ ᠪᠠᠷᠠᠭᠠᠨ ᠤ ᠥᠷᠲᠡᠭ ᠨᠢ 11.52 ᠲᠦᠮᠡᠨ ᠳ᠋ᠣᠯᠯᠠᠷ ᠤᠨ ᠣᠷᠭᠠᠨᠢᠭ ᠴᠠᠷᠭᠠᠰᠤ ᠶᠢᠨ ᠡᠪᠡᠰᠦ ᠶᠢ ᠪᠠᠷᠠᠭᠠᠨ ᠤ ᠪᠥᠬᠦ ᠶᠠᠪᠤᠴᠠ ᠳᠤ ᠬᠥᠮᠥᠷᠭᠡ ᠠᠴᠠ ᠭᠠᠷᠤᠭ᠎ᠠ ᠦᠭᠡᠢ ᠪᠠᠶᠢᠳᠠᠯ ᠳᠣᠣᠷ᠎ᠠ᠂ ᠪᠣᠭᠤᠮᠲᠠ ᠶᠢᠨ ᠭᠠᠷ ᠭᠦᠢᠴᠡᠳᠬᠡᠯ ᠢ ᠭᠦᠢᠴᠡᠳᠬᠡᠵᠦ᠂ ᠲᠠᠩᠰᠠ ᠬᠠᠷ᠎ᠠ ᠠᠴᠠ ᠰᠢᠭᠤᠳ ᠬᠠᠷᠭᠤᠭᠤᠯᠤᠨ ᠬᠠᠰᠤᠪᠠ᠃ ᠪᠣᠭᠤᠮᠲᠠ ᠪᠠᠷ ᠣᠷᠣᠵᠤ ᠭᠠᠷᠬᠤ ᠴᠢᠬᠤᠯᠠ ᠦᠭᠡᠢ ᠪᠠᠷ ︽ᠭᠠᠶᠢᠯᠢ ᠪᠠᠲᠤᠯᠠᠬᠤ ᠪᠠᠷᠠᠭ᠎ᠠ ︾ ᠠᠴᠠ ︽ᠭᠠᠶᠢᠯᠢ ᠦᠯᠦ ᠪᠠᠲᠤᠯᠠᠬᠤ ᠪᠠᠷᠠᠭ᠎ᠠ︾ ᠪᠣᠯᠵᠤ ᠬᠤᠪᠢᠷᠠᠬᠤ ᠶᠢ ᠪᠡᠶᠡᠯᠡᠭᠦᠯᠵᠦ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠥᠷᠥᠯ ᠬᠤᠪᠢᠶᠠᠨ ᠬᠢᠨᠠᠨ ᠬᠠᠮᠢᠶᠠᠷᠴᠤ ᠪᠠᠶᠢᠭ᠎ᠠ ᠪᠠᠷᠠᠭ᠎ᠠ ᠶᠢ ︽ᠣᠷᠣᠨ ᠤ ᠳᠣᠲᠣᠷ᠎ᠠ ᠰᠢᠭᠤᠳ ᠭᠠᠷᠭᠠᠬᠤ︾ ᠲᠤᠬᠠᠶᠢᠯᠠᠭᠰᠠᠨ ᠠᠵᠢᠯ ᠵᠢᠩᠬᠢᠨᠢ ᠪᠠᠷ ᠨᠠᠶᠢᠳᠠᠪᠤᠷᠢᠵᠢᠭᠳᠠᠭᠰᠠᠨ ᠢ ᠬᠠᠷᠠᠭᠤᠯᠵᠤ ᠪᠣᠶ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠨ ᠤ ︽ᠣᠷᠣᠨ ᠤ ᠳᠣᠲᠣᠷ᠎ᠠ ᠰᠢᠭᠤᠳ ᠭᠠᠷᠭᠠᠬᠤ︾ ᠲᠤᠬᠠᠶᠢᠯᠠᠭᠰᠠᠨ ᠠᠵᠢᠯ ᠢ ᠵᠢᠩᠬᠢᠨᠢ ᠪᠠᠷ ᠨᠠᠶᠢᠳᠠᠪᠤᠷᠢᠵᠢᠭᠤᠯᠤᠭᠰᠠᠨ ᠢ ᠬᠠᠷᠠᠭᠤᠯᠵᠤ᠂ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠨ ᠤ ︽ᠣᠷᠣᠨ ᠤ ᠳᠣᠲᠣᠷ᠎ᠠ ᠰᠢᠭᠤᠳ ᠭᠠᠷᠭᠠᠭᠰᠠᠨ︾ ᠲᠤᠬᠠᠶᠢᠯᠠᠭᠰᠠᠨ ᠠᠵᠢᠯ ᠪᠣᠯᠬᠤ ᠶᠤᠮ᠃      ︽ᠬᠥᠮᠥᠷᠭᠡᠯᠡᠨ ᠬᠠᠳᠠᠭᠠᠯᠠᠬᠤ ᠡᠳ᠋ ᠪᠠᠷᠠᠭ᠎ᠠ ᠶᠢ ᠪᠠᠶᠢᠳᠠᠯ ᠢᠶᠠᠷ ᠨᠢ ᠲᠦᠷᠦᠯ ᠬᠤᠪᠢᠶᠠᠨ ᠬᠢᠨᠠᠨ ᠬᠠᠮᠢᠶᠠᠷᠬᠤ︾ ᠪᠣᠯ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠳᠡᠯᠭᠡᠷᠡᠭᠦᠯᠦᠭᠰᠡᠨ ᠬᠢᠨᠠᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢᠨ ᠨᠢᠭᠡ ᠪᠣᠯᠣᠨ᠎ᠠ᠃ ᠣᠷᠣᠨ ᠤ ᠳᠣᠲᠣᠷ᠎ᠠ ᠰᠢᠭᠤᠳ ᠭᠠᠷᠭᠠᠬᠤ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭ᠎ᠠ ᠶᠢ ᠪᠠᠶᠢᠳᠠᠯ ᠢᠶᠠᠷ ᠨᠢ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠳᠣᠲᠣᠷ᠎ᠠ ᠪᠠᠶᠢᠳᠠᠯ ᠢᠶᠠᠷ ᠨᠢ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ ᠪᠠᠶᠢᠭ᠎ᠠ ᠭᠠᠶᠢᠯᠢ ᠪᠠᠲᠤᠯᠠᠬᠤ ᠦᠭᠡᠢ ᠪᠠᠷᠠᠭ᠎ᠠ ᠶᠢ ᠭᠠᠶᠢᠯᠢ ᠪᠠᠲᠤᠯᠠᠬᠤ ᠪᠠᠷᠠᠭ᠎ᠠ ᠪᠣᠯᠭᠠᠨ ᠬᠤᠪᠢᠷᠠᠭᠤᠯᠬᠤ ᠪᠠᠷ ᠮᠡᠳᠡᠭᠦᠯᠦᠭᠰᠡᠨ᠂ ᠡᠰᠡᠬᠦᠯ᠎ᠡ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢ ᠪᠣᠭᠤᠮᠲᠠ ᠶᠢᠨ ᠭᠠᠷᠳᠠᠮ ᠢ ᠭᠦᠢᠴᠡᠳᠬᠡᠭᠰᠡᠨ ᠤ ᠳᠠᠷᠠᠭ᠎ᠠ ᠲᠥᠷᠥᠯ ᠬᠤᠪᠢᠶᠠᠨ ᠬᠢᠨᠠᠨ ᠬᠠᠮᠢᠶᠠᠷᠬᠤ ᠠᠷᠭ᠎ᠠ ᠮᠠᠶ᠋ᠢᠭ ᠢᠶᠠᠷ ᠣᠷᠣᠨ ᠤ ᠳᠣᠲᠣᠷ᠎ᠠ ᠬᠠᠳᠠᠭᠠᠯᠠᠭᠤᠯᠬᠤ ᠪᠠᠷ ᠭᠤᠶᠤᠴᠢᠯᠠᠭᠰᠠᠨ ᠪᠠᠶᠢᠪᠠᠯ᠂ ᠪᠣᠭᠤᠮᠲᠠ ᠳᠤ ᠮᠡᠳᠡᠭᠦᠯᠬᠦ ᠭᠠᠷᠳᠠᠮ ᠢ ᠪᠡᠶᠡᠯᠡᠭᠦᠯᠦᠭᠰᠡᠨ ᠤ ᠳᠠᠷᠠᠭ᠎ᠠ᠂ ᠪᠣᠭᠤᠮᠲᠠ ᠶᠢᠨ ᠲᠠᠩᠰᠠ ᠠᠴᠠ ᠰᠢᠭᠤᠳ ᠬᠠᠷᠭᠤᠭᠤᠯᠤᠨ ᠬᠠᠰᠤᠵᠤ ᠪᠣᠯᠣᠨ᠎ᠠ᠂ ᠪᠣᠳᠠᠲᠤ ᠪᠠᠷᠠᠭ᠎ᠠ ᠶᠢ ᠪᠣᠭᠤᠮᠲᠠ ᠪᠠᠷ ᠣᠷᠣᠭᠤᠯᠵᠤ ᠭᠠᠷᠭᠠᠬᠤ ᠶᠢ ᠱᠠᠭᠠᠷᠳᠠᠬᠤ ᠦᠭᠡᠢ ᠬᠠᠮᠢᠶᠠᠷᠤᠯᠲᠠ ᠶᠢᠨ ᠵᠠᠭᠪᠤᠷ ᠪᠤᠯᠤᠨ᠎ᠠ᠃ ᠲᠣᠰ ᠵᠠᠭᠪᠤᠷ ᠤᠨ ᠳᠣᠣᠷ᠎ᠠ᠂ ᠪᠣᠭᠤᠮᠲᠠ ᠶᠢᠨ ᠬᠢᠨ ᠠᠵᠤ ᠠᠬᠤᠶᠢᠯᠠᠯ ᠤᠨ ᠪᠠᠶᠢᠭᠤᠯᠤᠭᠰᠠᠨ ︽ᠪᠠᠶᠢᠴᠠᠭᠠᠬᠤ ᠶᠢ ᠬᠦᠯᠢᠶᠡᠬᠦ ᠲᠣᠭᠤᠷᠢᠭ︾ ᠲᠤ ᠭᠠᠷᠭᠠᠬᠤ ᠪᠠᠷ ᠪᠠᠶᠢᠭ᠎ᠠ ᠪᠠᠷᠠᠭ᠎ᠠ ᠶᠢ ᠬᠢᠨᠠᠨ ᠬᠠᠮᠢᠶᠠᠷᠴᠤ᠂ ᠲᠤᠭ᠎ᠠ ᠪᠠᠷᠢᠮᠲᠠ ᠢ ︽ᠭᠦᠶᠦᠯᠭᠡᠬᠦ︾ ᠪᠠᠷ ᠪᠠᠷᠠᠭ᠎ᠠ ᠶᠢ ︽ᠭᠦᠶᠦᠯᠭᠡᠬᠦ︾ ᠶᠢ ᠣᠷᠣᠯᠠᠭᠤᠯᠤᠭᠰᠠᠨ ᠢᠶᠠᠷ᠂ ᠪᠣᠳᠠᠲᠤ ᠪᠠᠷᠠᠭ᠎ᠠ ᠶᠢ ᠪᠣᠭᠤᠮᠲᠠ ᠪᠠᠷ ᠣᠷᠣᠭᠤᠯᠵᠤ ᠭᠠᠷᠭᠠᠬᠤ ᠦᠭᠡᠢ ᠪᠣᠯᠵᠤ᠂ ᠠᠵᠤ ᠠᠬᠤᠶᠢᠯᠠᠯ ᠤᠨ ᠪᠣᠭᠤᠮᠲᠠ ᠪᠠᠷ ᠣᠷᠣᠭᠤᠯᠵᠤ ᠭᠠᠷᠭᠠᠬᠤ ᠲᠡᠭᠡᠭᠡᠪᠦᠷᠢ ᠶᠢᠨ ᠥᠪᠡᠷ ᠤᠨ ᠥᠷᠲᠡᠭ ᠪᠠ ᠴᠠᠭ ᠢ ᠪᠦᠲᠦᠮᠵᠢᠲᠡᠶ ᠠᠷᠪᠢᠯᠠᠵᠤ᠂ ᠠᠵᠤ ᠠᠬᠤᠶᠢᠯᠠᠯ ᠤᠨ ᠦᠷ᠎ᠡ ᠠᠰᠢᠭ ᠢ ᠤᠯᠠᠮ ᠳᠡᠭᠡᠭᠰᠢᠯᠡᠭᠦᠯᠦᠭᠰᠡᠨ ᠪᠠᠶᠢᠨ᠎ᠠ᠃      ︽ᠥᠩᠭᠡᠷᠡᠭᠰᠡᠨ ᠳᠤ ᠪᠠᠶᠢᠳᠠᠯ ᠢ ᠨᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠴᠤ ᠪᠠᠶᠢᠭ᠎ᠠ ᠡᠳ᠋ ᠪᠠᠷᠠᠭ᠎ᠠ ᠶᠢ ︿ᠭᠠᠶᠢᠯᠢ ᠪᠠᠲᠤᠯᠠᠬᠤ﹀ ᠪᠠ ︿ᠭᠠᠶᠢᠯᠢ ᠥᠯᠥ ᠪᠠᠲᠤᠯᠠᠬᠤ﹀ ᠪᠠᠶᠢᠳᠠᠯ ᠢ ᠬᠤᠪᠢᠷᠠᠭᠤᠯᠬᠤ ᠳᠤ᠂ ᠤᠷᠢᠳᠠᠪᠠᠷ ᠡᠳ᠋ ᠪᠠᠷᠠᠭ᠎ᠠ   ᠶᠢ ᠪᠣᠭᠤᠮᠲᠠ ᠠᠴᠠ ᠵᠥᠭᠡᠭᠡᠪᠦᠷᠢᠯᠡᠨ ᠭᠠᠷᠭᠠᠭᠰᠠᠨ ᠤ ᠳᠠᠷᠠᠭ᠎ᠠ ᠳᠠᠬᠢᠨ ᠪᠣᠭᠤᠮᠲᠠ ᠪᠠᠷ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠥᠮᠥᠷᠭᠡ ᠳᠤ ᠲᠡᠭᠡᠭᠡᠪᠦᠷᠢᠯᠡᠨ ᠣᠷᠣᠭᠤᠯᠬᠤ ᠬᠡᠷᠡᠭᠲᠡᠢ᠂ ᠲᠡᠭᠡᠭᠡᠪᠦᠷᠢ ᠶᠢᠨ ᠲᠡᠷᠭᠡ ᠬᠥᠰᠬᠡ ᠬᠥᠯᠥᠰᠦᠯᠡᠬᠦ ᠪᠠ ᠭᠠᠷ ᠭᠦᠢᠴᠡᠳᠬᠡᠯ ᠬᠢᠬᠦ ᠬᠡᠷᠡᠭᠲᠡᠢ ᠪᠠᠶᠢᠵᠠᠢ︾ ᠪᠧᠢ ᠰᠢᠩ ᠺᠣᠮᠫᠠᠨᠢ   ᠶᠢᠨ ᠭᠠᠳᠠᠭᠠᠳᠤ ᠠᠷᠠᠯᠵᠢᠶᠠᠨ ᠤ ᠳᠠᠭᠠᠭᠠᠮᠠᠯ ᠭᠦᠸᠧ ᠳ᠋ᠠᠨ ᠳ᠋ᠠᠨ ᠬᠡᠯᠡᠬᠦ ᠳᠡᠭᠡᠨ᠄ ︽ᠣᠳᠣᠬᠠᠨ ᠳᠤ᠂ ᠰᠠᠶᠢᠬᠠᠨ ᠪᠣᠭᠤᠮᠲᠠ   ᠶᠢᠨ ᠬᠢᠨ ᠪᠢᠳᠡᠨ ᠢ ᠵᠢᠯᠤᠭᠤᠳᠤᠨ ︿ᠣᠷᠣᠨ ᠤ ᠳᠣᠲᠣᠷ᠎ᠠ ᠰᠢᠭᠤᠳ ᠭᠠᠷᠭᠠᠬᠤ﹀ ᠪᠠᠷ ᠳᠠᠮᠵᠢᠭᠤᠯᠤᠨ ᠪᠠᠷᠠᠭᠠᠨ ᠤ ᠪᠠᠶᠢᠳᠠᠯ ᠢ ᠬᠤᠪᠢᠷᠠᠭᠤᠯᠵᠤ᠂ ᠵᠥᠪᠬᠡᠨ ᠮᠡᠳᠡᠭᠦᠯᠦᠭᠰᠡᠨ ᠤ ᠳᠠᠷᠠᠭ᠎ᠠ ᠪᠠᠷᠠᠭ᠎ᠠ ᠶᠢ       ︿ᠪᠠᠶᠢᠴᠠᠭᠠᠬᠤ ᠶᠢ ᠬᠦᠯᠢᠶᠡᠬᠦ ᠲᠣᠭᠤᠷᠢᠭ﹀ ᠳᠤ ᠲᠠᠯᠪᠢᠪᠠᠯ ᠪᠣᠯᠴᠢᠬᠠᠨ᠎ᠠ᠂ ᠦᠯᠡᠳᠡᠭᠰᠡᠨ ᠢ ᠨᠢ ᠲᠤᠭ᠎ᠠ ᠪᠠᠷᠢᠮᠲᠠ ᠶᠢ ︿ᠭᠦᠶᠦᠯᠭᠡᠵᠦ﹀ ᠂ ᠮᠠᠨ ᠳᠤ ᠶᠡᠭᠡ ᠬᠡᠮᠵᠢᠶᠡᠨ ᠤ ᠲᠡᠭᠡᠭᠡᠪᠦᠷᠢ ᠶᠢᠨ ᠥᠪᠡᠷ ᠤᠨ ᠥᠷᠲᠡᠭ ᠪᠣᠯᠣᠨ ᠴᠠᠭ ᠤᠨ ᠥᠪᠡᠷ ᠤᠨ ᠥᠷᠲᠡᠭ ᠢ ᠠᠷᠪᠢᠯᠠᠵᠤ ᠥᠭᠭᠦᠭᠰᠡᠨ ᠪᠠᠶᠢᠨ᠎ᠠ︾ ᠭᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1