ᠴᠢᠩ ᠱᠦᠢ ᠾᠧ ᠰᠢᠶᠠᠨ ᠤ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠵᠢᠩᠬᠢᠨᠢ ᠪᠠᠷ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2024/4/18
     4 ᠳ᠋ᠦ᠋ᠭᠡᠷ ᠰᠠᠷ᠎ᠠ ᠶᠢᠨ 17  ᠤ ᠡᠳᠦᠷ᠂ ᠴᠢᠩ ᠱᠦᠢ ᠾᠧ ᠰᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠰᠤᠷᠤᠯᠭ᠎ᠠ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠮᠠ ᠵᠢᠶᠠᠨ ᠴᠦᠨ︽ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠬᠥᠭᠵᠢᠭᠦᠯᠬᠦ ᠶᠢ ᠭᠤᠶᠢᠪᠢᠰᠢ ᠦᠭᠡᠢ ᠠᠬᠢᠭᠤᠯᠤᠶ᠎ᠠ︾ᠭᠡᠬᠦ ᠰᠡᠳᠦᠪ ᠢᠶᠠᠷ ᠠᠩᠭᠢ ᠡᠬᠢᠯᠡᠬᠦ ᠨᠢᠭᠡᠳᠦᠭᠡᠷ ᠶᠠᠷᠢᠶ᠎ᠠ ᠲᠠᠯᠪᠢᠵᠠᠢ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠭᠤᠣᠯ ᠡᠭᠦᠷᠭᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠬᠢᠬᠦ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠢ ᠬᠠᠪᠰᠤᠷᠤᠨ ᠣᠨᠣᠯ ᠤᠨ ᠰᠢᠨ᠎ᠡ ᠡᠭᠦᠳᠦᠯᠲᠡ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠭᠦᠨᠵᠡᠭᠡᠢ ᠣᠶᠢᠯᠠᠭᠠᠭᠤᠯᠵᠤ᠂ ᠣᠨᠣᠯ ᠤᠨ ᠢᠲᠡᠭᠡᠯ ᠪᠠ ᠦᠢᠯᠡᠳᠦᠯᠭᠡ ᠶᠢᠨ ᠤᠬᠠᠮᠰᠠᠷ ᠢ ᠨᠢ ᠳᠡᠭᠡᠭᠰᠢᠯᠡᠭᠦᠯᠦᠨ᠎ᠡ᠃ ᠪᠣᠯᠪᠠᠰᠤᠷᠠᠭᠤᠯᠤᠯ ᠤᠨ ᠠᠭᠤᠯᠭ᠎ᠠ ᠳᠤ ᠤᠳᠤᠷᠢᠳᠤᠯᠭ᠎ᠠ ᠳᠠᠭᠠᠭᠤᠯᠤᠨ ᠰᠤᠷᠤᠯᠴᠠᠵᠤ ᠬᠠᠪᠰᠤᠷᠤᠨ ᠵᠢᠯᠤᠭᠤᠳᠬᠤ᠂ ᠲᠤᠰᠬᠠᠢ ᠮᠡᠷᠭᠡᠵᠢᠯᠲᠡᠨ ᠤ ᠭᠤᠣᠯ ᠰᠡᠳᠦᠪᠲᠦ ᠲᠠᠶᠢᠯᠤᠮᠵᠢ ᠬᠢᠬᠦ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠡᠷᠭᠡ ᠭᠤᠭᠴᠤᠭ᠎ᠠ ᠪᠠᠭᠲᠠᠨ᠎ᠠ᠂ ᠠᠭᠤᠯᠭ᠎ᠠ ᠪᠠᠷ ᠪᠠᠶᠠᠯᠢᠭ᠂ ᠴᠠᠭ ᠬᠤᠭᠤᠴᠠᠭ᠎ᠠ ᠪᠠᠷ ᠠᠪᠰᠠᠷᠬᠠᠨ᠂ ᠬᠠᠷᠠᠯᠲᠠ ᠪᠠᠷ ᠲᠣᠳᠣᠷᠬᠠᠢ ᠪᠠᠶᠢᠵᠤ᠂ ᠴᠢᠨᠠᠷ ᠰᠠᠶᠢᠲᠠᠢ ᠬᠥᠮᠦᠵᠢᠯ ᠪᠣᠯᠪᠠᠰᠤᠷᠠᠭᠤᠯᠤᠯ ᠢᠶᠠᠷ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠪᠠᠷ ᠵᠣᠷᠢᠯᠭ᠎ᠠ ᠪᠠᠨ ᠪᠣᠯᠭᠠᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠳ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠠᠭᠤᠯᠤᠭᠳᠠᠵᠤ ᠪᠠᠶᠢᠭ᠎ᠠ ᠰᠢᠨᠵᠢᠯᠡᠬᠦ ᠤᠬᠠᠭᠠᠨ ᠤ ᠰᠢᠰᠲ᠋ᠧᠮ᠂ ᠭᠤᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠢᠰᠲ᠋ᠧᠮ  ᠲᠠᠢ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ ᠴᠤᠭ ᠰᠦᠯᠳᠡ ᠪᠠ ᠰᠢᠷᠭᠠᠭᠤ ᠬᠠᠲᠠᠭᠤᠵᠢᠯᠲᠠᠢ ᠠᠵᠢᠯᠯᠠᠬᠤ᠂ ᠦᠨᠡᠨ ᠬᠦ ᠠᠳᠬᠤᠵᠤ ᠪᠣᠳᠠᠲᠠᠢ ᠪᠠᠷ ᠠᠵᠢᠯᠯᠠᠬᠤ ᠠᠵᠢᠯ ᠤᠨ ᠤᠭ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠢᠯᠡᠳᠦᠯᠭᠡ᠂ ᠠᠷᠠᠳ ᠲᠦᠮᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠪᠣᠯᠪᠠᠰᠤᠷᠠᠯ ᠤᠨ ᠠᠩᠭᠢ ᠶᠢ ᠭᠤᠷᠪᠠᠨ ᠬᠤᠭᠤᠴᠠᠭ᠎ᠠ ᠬᠤᠪᠢᠶᠠᠨ ᠪᠣᠯᠪᠠᠰᠤᠷᠠᠭᠤᠯᠤᠨ᠎ᠠ ᠂ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠴᠠᠭ ᠨᠢ 4 ᠳ᠋ᠦ᠋ᠭᠡᠷ ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠣᠨ᠎ᠠ᠃ ᠪᠥᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠳᠡᠳ᠋ ᠰᠠᠯᠠᠭᠠᠨ ᠤ ᠲᠠᠰ  ᠠᠴᠠ ᠳᠡᠭᠡᠭᠰᠢᠬᠢ ᠺᠠᠳ᠋ᠷ ᠨᠡᠶᠢᠲᠡ 140 ᠭᠠᠷᠤᠢ ᠰᠣᠷᠣᠭᠴᠢ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1