ᠭᠦᠭᠡᠬᠤᠲᠠ 2024 ᠣᠨ ᠤ 1 ᠳ᠋ᠦ᠋ᠭᠡᠷ ᠲᠣᠭᠠᠲᠤ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/19
     ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠭᠦᠭᠡᠬᠤᠲᠠ 2024 ᠣᠨ ᠤ 1 ᠳ᠋ᠦ᠋ᠭᠡᠷ ᠲᠣᠭᠠᠲᠤ ᠤᠢ ᠰᠢᠭᠤᠢ ᠶᠢᠨ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ︽ᠭᠦᠭᠡᠬᠤᠲᠠ ᠶᠢᠨ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ ᠨᠡᠶᠢᠲᠡᠯᠡᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠳᠠᠪᠠᠭᠤᠯᠢᠭ ᠢ ᠪᠠᠳᠠᠷᠠᠭᠤᠯᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠣᠭᠤᠭᠠᠷᠠᠭᠤᠯᠤᠯᠲᠠ ᠶᠢ ᠠᠬᠢᠭᠤᠯᠬᠤ᠂ ᠲᠦᠷᠦᠯ ᠵᠦᠢᠯ ᠤᠨ ᠪᠠᠲᠤᠯᠠᠭ᠎ᠠ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠦᠭᠦ ᠲᠠᠯ᠎ᠠ ᠪᠠᠷ ᠰᠠᠶᠢᠲᠤᠷ ᠬᠢᠬᠦ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ᠂ ᠤᠢ ᠰᠢᠭᠤᠢ ᠪᠠ ᠨᠤᠲᠤᠭ ᠪᠡᠯᠴᠢᠭᠡᠷ ᠤᠨ ᠠᠵᠤ ᠦᠢᠯᠡᠰ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠥᠭᠵᠢᠯᠲᠡ ᠶᠢ ᠲᠣᠭᠲᠠᠭᠤᠨ ᠢᠶᠠᠷ ᠳᠡᠭᠡᠭᠰᠢᠯᠡᠭᠦᠯᠭᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠢ ᠠᠮᠠᠷᠠᠭᠤᠯᠬᠤ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ᠂ ᠣᠶ ᠰᠢᠭᠤᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ ᠶᠢ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠶᠢ ᠪᠦᠭᠦ ᠬᠦᠴᠦᠨ ᠢᠶᠠᠷ ᠠᠬᠢᠭᠤᠯᠬᠤ᠂ ᠭᠦᠭᠡᠬᠤᠲᠠ ᠶᠢᠨ ᠤᠯᠤᠰ ᠤᠨ ᠤᠷᠭᠤᠮᠠᠯ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠬᠤ᠂ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠪᠠ ᠤᠬᠠᠭᠤᠯᠬᠤ ᠠᠵᠢᠯ ᠢ ᠪᠦᠭᠦ ᠬᠦᠴᠦᠨ ᠢᠶᠠᠷ ᠰᠠᠶᠢᠲᠤᠷ ᠠᠳᠬᠤᠬᠤ ᠵᠡᠷᠭᠡ 9 ᠲᠠᠯ᠎ᠠ ᠠᠴᠠ ᠭᠦᠭᠡᠬᠤᠲᠠ ᠶᠢᠨ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ 25 ᠭᠤᠣᠯᠳᠠᠯᠭ᠎ᠠ ᠲᠠᠢ ᠵᠦᠢᠯ ᠢ ᠲᠣᠳᠣᠷᠬᠠᠢ ᠲᠣᠭᠲᠠᠭᠠᠪᠠ᠃      ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ ︽ᠬᠤᠶᠠᠷ ᠶᠡᠭᠡ ᠶᠠᠪᠤᠳᠠᠯ︾ ᠪᠠ ︽ᠵᠢᠷᠭᠤᠭᠠᠨ ᠢᠨᠵᠧᠨᠧᠷᠢᠩ︾  ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠵᠤ᠂ ᠡᠯ᠎ᠡ ᠱᠠᠲᠤᠨ ᠤ ᠤᠢ ᠰᠢᠭᠤᠢ ᠪᠠ ᠨᠤᠲᠤᠭ ᠪᠡᠯᠴᠢᠭᠡᠷ  ᠤᠨ ᠡᠬᠢ ᠪᠠᠶᠠᠯᠢᠭ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠲᠡᠢ; ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠤᠢ ᠰᠢᠭᠤᠢ ᠶᠢ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠠᠵᠢᠯ ᠢ ᠥᠷᠨᠢᠭᠦᠯᠦᠨ᠂ ᠤᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠪᠦᠲᠦᠮᠵᠢᠲᠡᠢ ᠠᠬᠢᠭᠤᠯᠵᠤ᠂ ᠦᠨᠡᠨ ᠬᠦ ᠠᠳᠬᠤᠵᠤ ᠦᠨᠡᠨ ᠬᠦ ᠲᠣᠭᠤᠷᠢᠨ ᠪᠠᠶᠢᠴᠠᠭᠠᠵᠤ ᠦᠨᠡᠨ ᠬᠦ ᠦᠷ᠎ᠡ ᠪᠦᠲᠦᠮᠵᠢ ᠭᠠᠷᠭᠠᠬᠤ ᠭᠡᠷᠡᠭᠲᠡᠢ; ︽ᠤᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠨᠡᠶᠢᠲᠡ ᠶᠢᠨ ᠠᠰᠠᠷᠠᠮᠵᠢ ᠶᠢᠨ ᠵᠠᠷᠭᠤ ᠵᠠᠭᠠᠯᠳᠤᠯᠭ᠎ᠠ᠂ ᠡᠷᠡᠭᠦᠦ ᠰᠢᠢᠳᠬᠡᠯ ᠢ ᠵᠣᠯᠭᠠᠭᠤᠯᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ ᠢ ᠬᠠᠮᠵᠢᠯᠴᠠᠨ ᠥᠷᠨᠢᠭᠦᠯᠬᠦ ᠬᠡᠷᠡᠭᠲᠡᠢ ᠭᠡᠵᠦ ᠲᠣᠭᠲᠠᠵᠠᠢ᠃      ᠤᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ᠂ ᠤᠮᠠᠷᠠᠲᠤ ᠬᠡᠰᠡᠭ ᠤᠨ ᠳᠠᠯᠠᠨ ᠬᠠᠷ᠎ᠠ ᠠᠭᠤᠯᠠ᠂ ᠡᠮᠦᠨᠡᠲᠦ ᠬᠡᠰᠡᠭ ᠤᠨ ᠬᠠᠲᠤᠨ ᠭᠤᠣᠯ ᠤᠨ ᠲᠣᠬᠤᠢ ᠵᠡᠷᠭᠡ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠢᠶᠠᠷ ᠭᠤᠣᠯᠳᠠᠯᠭ᠎ᠠ ᠪᠤᠯᠭᠠᠵᠤ᠂ ᠭᠦᠭᠡᠬᠤᠲᠠ ᠶᠢᠨ ᠠᠩᠬ᠎ᠠ ᠠᠯᠬᠤᠮ ᠲᠣᠭᠲᠠᠭᠠᠭᠰᠠᠨ 26 ᠤᠢ ᠰᠢᠭᠤᠢ ᠪᠠ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠲᠥᠷᠥᠯ ᠵᠦᠢᠯ᠂ ᠢᠯᠠᠩᠭᠤᠶ᠎ᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ᠂ ᠣᠶ ᠰᠢᠭᠤᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ ᠵᠢᠴᠢ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠬᠦ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠥᠷᠥᠯ ᠵᠦᠢᠯ  ᠤᠨ ᠠᠵᠢᠯ ᠢ ᠡᠬᠢᠯᠡᠭᠦᠯᠬᠦ ᠶᠢ ᠰᠠᠶᠢᠲᠤᠷ ᠠᠳᠬᠤᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1