ᠴᠢᠩ ᠱᠦᠢ ᠾᠧ ᠰᠢᠶᠠᠨ ᠤ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠯᠢᠳᠡᠭ ᠢ ᠡᠭᠦᠳᠴᠦ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/2
     ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠪᠣᠯ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠮᠥᠨ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠡᠨᠡ ᠬᠦ ᠦᠨᠳᠦᠰᠦᠨ ᠪᠠᠶᠢᠳᠠᠯ ᠢ ᠲᠣᠭᠲᠠᠭᠤᠨ ᠪᠠᠶᠢᠯᠭᠠᠬᠤ ᠨᠢ ᠡᠷᠡᠭᠦᠯ ᠲᠣᠭᠲᠠᠭᠤᠨ ᠠᠵᠤ ᠠᠬᠤᠢ ᠶᠢᠨ ᠣᠷᠴᠢᠨ ᠨᠥᠬᠦᠴᠡᠯ᠂ ᠤᠯᠤᠰ ᠣᠷᠣᠨ ᠠᠮᠤᠷ ᠲᠦᠪᠰᠢᠨ ᠪᠠᠶᠢᠬᠤ ᠨᠡᠶᠢᠭᠡᠮ ᠤᠨ ᠣᠷᠴᠢᠨ ᠨᠥᠬᠦᠴᠡᠯ ᠢ ᠪᠠᠲᠤᠯᠠᠬᠤ ᠳᠤ ᠣᠨᠴᠠᠭᠠᠶ ᠴᠢᠬᠤᠯᠠ ᠠᠴᠢ ᠬᠤᠯᠪᠣᠭᠳᠠᠯ ᠲᠠᠢ ᠶᠤᠮ᠃ 4 ᠳ᠋ᠦ᠋ᠭᠡᠷ ᠰᠠᠷ᠎ᠠ ᠶᠢᠨ 1  ᠤ ᠡᠳᠦᠷ᠂ ᠴᠢᠩ ᠱᠦᠢ ᠾᠧ ᠰᠢᠶᠠᠨ 2024 ᠣᠨ ᠤ ᠰᠢᠶᠠᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠭᠤᠯᠵᠤ᠂ 2024 ᠣᠨ ᠤ ᠪᠦᠬᠦ ᠰᠢᠶᠠᠨ ᠤ ᠮᠠᠯ ᠠᠵᠤ ᠠᠬᠤᠢ ᠲᠠᠷᠢᠶᠠᠯᠠᠩ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠡᠯ᠎ᠡ ᠭᠤᠭᠴᠤᠭ᠎ᠠ᠂ ᠡᠯ᠎ᠡ ᠠᠵᠢᠯ ᠤᠨ ᠪᠠᠶᠢᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠨ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠡᠶᠡᠯᠳᠡᠭ ᠰᠠᠶᠢᠬᠠᠨ ᠬᠥᠳᠡᠭᠡ ᠲᠣᠰᠬᠤᠨ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠴᠠ ᠭᠠᠷᠳᠠᠵᠤ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠵᠤ᠂ ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠬᠦ ᠶᠢ ᠪᠠᠲᠤᠯᠠᠵᠤ᠂ ᠪᠦᠬᠦ ᠰᠢᠶᠠᠨ ᠤ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1