︵ᠰᠤᠷᠪᠤᠯᠵᠢᠯᠠᠭᠴᠢ ᠴᠢ ᠰᠢᠶᠣᠣ ᠶᠠᠨ︶ ᠣᠶᠢᠯᠠᠭᠠᠭᠰᠠᠨ ᠢᠶᠠᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽3.15︾ ᠤ ᠬᠤᠭᠤᠴᠠᠭᠠᠨ ᠳᠤ ᠢᠯᠡᠴᠢᠯᠡᠭᠰᠡᠨ ᠢᠳᠡᠭᠡᠨ ᠤ | ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠬᠡᠬᠤᠲᠠ ᠶᠢᠨ ᠲᠣᠰ ᠱᠠᠲᠤ ᠵᠢᠴᠢ | ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠢᠳᠡᠭᠡᠨ ᠤ ᠵᠦᠢᠯ ᠦᠢᠯᠡᠳᠪᠦᠷᠢᠯᠡᠬᠦ ᠵᠠᠩᠭᠢᠯᠠᠭ᠎ᠠ ᠶᠢᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠦᠳᠲᠡᠷ ᠲᠦᠷᠭᠡᠨ ᠪᠠᠶᠢᠷᠢᠯᠠᠭᠤᠯᠪᠠ᠃ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︽3 · 15︾ ᠤ | ᠦᠳᠡᠰᠢᠯᠡᠭᠡ ᠳᠡᠭᠡᠷ᠎ᠡ ᠢᠯᠡᠴᠢᠯᠡᠭᠰᠡᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠳᠤ ᠴᠢᠭᠯᠡᠭᠦᠯᠦᠨ ᠮᠢᠬᠠᠨ ᠤ | ᠵᠦᠢᠯ ᠤᠨ ᠪᠦᠲᠦᠭᠡᠭᠳᠡᠬᠦᠨ᠂ ᠲᠦᠷᠭᠡᠨ ᠬᠥᠯᠳᠡᠭᠡᠭᠰᠡᠨ ᠭᠤᠯᠢᠷ ᠪᠤᠳᠠᠭᠠᠨ ᠤ ᠢᠳᠡᠭᠡᠨ᠂ ᠲᠦᠷᠭᠡᠨ ᠬᠥᠯᠳᠡᠭᠡᠭᠰᠡᠨ | ᠭᠤᠯᠢᠷ ᠪᠤᠳᠠᠭᠠᠨ ᠤ ᠢᠳᠡᠭᠡᠨ ᠤ ᠢᠳᠡᠭᠡ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠴᠢᠳᠬᠤᠭᠰᠠᠨ | ᠭᠡᠳᠡᠰᠦᠨ ᠤ ᠵᠦᠢᠯ᠂ ᠬᠢᠮ᠎ᠠ᠂ ᠪᠠᠩᠰᠢ᠂ ᠪᠤᠤᠰᠠ᠂ ᠱᠣᠣᠮᠠᠢ᠂ ᠬᠤᠨᠲᠣᠨ ᠵᠡᠷᠭᠡ ᠮᠢᠬᠠᠨ ᠤ ᠵᠦᠢᠯ ᠤᠨ ᠢᠳᠡᠭᠡ ᠲᠠᠢ | ᠢᠳᠡᠭᠡᠨ ᠵᠢᠴᠢ ᠮᠢᠬᠠᠨ ᠤ ᠵᠦᠢᠯ ᠤᠨ ᠢᠳᠡᠭᠡᠨ ᠤ ᠢᠳᠡᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ | ᠪᠠᠷᠠᠭ᠎ᠠ ᠣᠷᠣᠭᠤᠯᠤᠭᠰᠠᠨ ᠲᠡᠮᠳᠡᠭᠯᠡᠯ ᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠦᠢᠯᠡᠳᠪᠦᠷᠢᠯᠡᠵᠦ | ᠡᠳ᠋ᠰᠢᠭᠦᠯᠬᠦ ᠳᠤ ᠬᠡᠷᠡᠭᠯᠡᠬᠦ ᠮᠢᠬᠠᠨ ᠤ ᠵᠦᠢᠯ ᠨᠢ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ | ᠨᠤᠲᠠᠯᠠᠵᠤ᠂ ᠦᠢᠯᠡᠳᠪᠦᠷᠢᠯᠡᠵᠦ ᠡᠳ᠋ᠰᠢᠭᠦᠯᠬᠦ ᠲᠠᠯᠠᠪᠤᠷ᠂ ᠪᠡᠯᠡᠳᠬᠡᠮᠵᠢ ᠲᠥᠬᠦᠭᠡᠷᠦᠮᠵᠢ᠂ ᠲᠥᠬᠦᠭᠡᠷᠦᠮᠵᠢ ᠶᠢᠨ | ᠪᠠᠶᠢᠷᠢᠰᠢᠭᠤᠯᠤᠯ ᠪᠣᠯᠣᠨ ᠦᠢᠯᠡᠳᠪᠦᠷᠢᠯᠡᠯ ᠤᠨ ᠮᠡᠷᠭᠡᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ | ᠳᠠᠮᠵᠢᠭᠤᠯᠤᠨ ᠦᠢᠯᠡᠳᠪᠦᠷᠢᠯᠡᠬᠦ ᠶᠠᠪᠤᠴᠠ ᠨᠢ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ | ᠨᠤᠲᠠᠯᠠᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ | ᠵᠢᠴᠢ ᠵᠢᠵᠢᠭ ᠦᠢᠯᠡᠳᠬᠡᠯ ᠤᠨ ᠭᠠᠵᠠᠷ ᠢ ᠨᠡᠶᠢᠲᠡ 71 ᠪᠠᠶᠢᠴᠠᠭᠠᠵᠤ᠂ ᠬᠢᠷᠢ ᠲᠡᠩᠴᠡᠬᠦ ᠦᠭᠡᠢ ᠲᠦᠭᠦᠬᠡᠢ | ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠢ ᠬᠡᠷᠡᠭᠯᠡᠨ ᠦᠢᠯᠡᠳᠪᠦᠷᠢᠯᠡᠵᠦ ᠡᠳ᠋ᠰᠢᠭᠦᠯᠦᠭᠰᠡᠨ ᠦᠶᠯᠡ | ᠠᠵᠢᠯᠯᠠᠭ᠎ᠠ ᠢᠯᠡᠷᠡᠭᠰᠡᠨ ᠦᠭᠡᠢ᠃ ᠪᠠᠶᠢᠴᠠᠭᠠᠯᠲᠠ ᠳᠤᠮᠳᠠ ᠲᠦᠭᠦᠬᠡᠢ ᠮᠠᠲ᠋ᠧᠷᠢᠶᠠᠯ ᠢ ᠬᠡᠷᠡᠮ ᠠᠴᠠ ᠵᠠᠶᠢᠲᠠᠢ | ᠲᠠᠯᠪᠢᠭᠰᠠᠨ ᠦᠭᠡᠢ᠂ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠲᠤ ᠬᠤᠷᠠᠭᠰᠠᠨ ᠤᠰᠤ ᠶᠢ ᠴᠠᠭ ᠲᠤᠬᠠᠢ | ᠳᠤᠨᠢ ᠴᠡᠪᠡᠷᠯᠡᠭᠰᠡᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠬᠤᠯᠪᠣᠭᠳᠠᠯ ᠪᠦᠬᠦᠢ | ᠠᠵᠤ ᠠᠬᠤᠶᠢᠯᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ | ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ ᠭᠡᠵᠦ ᠨᠢᠭᠡᠨᠲᠡ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠮᠢᠬᠠᠨ ᠤ ᠲᠥᠷᠥᠯ ᠤᠨ ᠦᠢᠯᠡᠳᠬᠦᠨ ᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ ᠦᠷᠭᠦᠯᠵᠢᠯᠡᠨ | ᠥᠷᠨᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠪᠠ ᠡᠷᠡᠭᠦᠦ ᠶᠢᠨ ᠬᠠᠤᠯᠢ ᠴᠠᠭᠠᠵᠠ ᠶᠢ ᠵᠣᠯᠭᠠᠭᠤᠯᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠶᠢ | ᠵᠥᠷᠢᠴᠡᠭᠰᠡᠨ ᠲᠣᠪᠣᠶᠢᠮ᠎ᠠ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ |