ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢ ᠠᠬᠢᠭᠤᠯᠵᠤ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠰᠠᠬᠢᠶ᠎ᠠ
ᠨᠡᠶᠢᠲᠡᠯᠡᠭᠰᠡᠨ ᠴᠠᠭ᠄
2024/4/22
     ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠦᠨ ᠰᠢᠶᠠᠩ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ  ᠭᠦᠸᠧ ᠸᠧᠢ ᠽᠠᠢ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠳᠡᠳ᠋ ᠳᠠᠷᠤᠭ᠎ᠠ ᠸᠠᠩ ᠬᠦᠶ ᠹᠠᠩ      ᠬᠠᠮᠢᠶᠠᠷᠤᠭᠴᠢ᠄      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠬᠥᠲᠥᠯᠥᠭᠴᠢ᠄      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ︾ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢᠵᠢᠯ ᠤᠨ  ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠣᠷᠣᠨ ᠤ ᠲᠥᠪ ᠤᠨ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠨᠢ ᠶᠠᠭᠤ ᠪᠣᠯᠬᠤ ᠶᠢ ᠲᠠᠨᠢᠯᠴᠠᠭᠤᠯᠤᠭᠠᠳ ᠥᠭᠭᠦᠨ᠎ᠡ ᠤᠤ︖      ᠸᠠᠩ ᠭᠦᠢ ᠹᠠᠩ᠄      ᠲᠥᠬᠦᠮ ᠢᠶᠠᠷ ᠬᠡᠯᠡᠪᠡᠯ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠪᠣᠯ ᠳᠠᠷᠤᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠡᠷᠬᠡ ᠰᠦᠷᠲᠦ ᠴᠢᠨᠠᠷ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃      ᠬᠥᠲᠥᠯᠥᠭᠴᠢ᠄      ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠡᠨᠡ ᠬᠦ  ᠬᠠᠷᠠᠯᠲᠠ ᠳᠤ ᠬᠦᠷᠬᠦ ᠪᠤᠢ︖      ᠸᠠᠩ ᠭᠦᠢ ᠹᠠᠩ᠄      ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠤᠪᠠ᠃ ᠡᠭᠦᠨ ᠳᠤ ᠭᠤᠣᠯᠳᠠᠭᠤ᠄ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠂ ᠠᠷᠠᠳ ᠤᠨ ᠴᠠᠭᠳᠠᠭ᠎ᠠ ᠶᠢᠨ ᠴᠢᠳᠠᠪᠤᠷᠢ ᠬᠡᠪ ᠪᠣᠯᠪᠠᠰᠤᠷᠠᠯ ᠢ ᠴᠢᠩᠭᠠᠳᠬᠠᠪᠠ᠂ ᠬᠠᠤᠯᠢ ᠬᠡᠷᠡᠭᠵᠢᠭᠦᠯᠬᠦ ᠶᠢᠨ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠂ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠪᠢᠲᠡᠭᠦᠦ ᠴᠠᠭᠠᠷᠢᠭ ᠢᠶᠠᠷ ᠬᠠᠮᠢᠶᠠᠷᠪᠠ᠃      ᠬᠥᠲᠥᠯᠥᠭᠴᠢ᠄      ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠳᠣᠬᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠳᠤ ᠶᠠᠭᠤ ᠶᠠᠭᠤ ᠪᠠᠭᠲᠠᠵᠤ ᠪᠠᠶᠢᠨ᠎ᠠ︖      ᠶᠦᠨ ᠰᠢᠶᠠᠩ᠄      ᠨᠢᠭᠡ ᠳᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠥᠮᠥᠵᠢᠯ ᠪᠣᠯᠪᠠᠰᠤᠷᠠᠭᠤᠯᠤᠯ ᠢᠶᠠᠷ ᠳᠠᠮᠵᠢᠭᠤᠯᠤᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢ ᠨᠡᠩ ᠣᠨᠣᠪᠴᠢᠲᠠᠶ ᠪᠠᠷ ᠣᠶᠢᠯᠠᠭᠠᠬᠤ ᠪᠠ ᠬᠡᠷᠡᠭᠵᠢᠭᠦᠯᠬᠦ ᠶᠢᠨ ᠤᠯᠠᠮ ᠠᠴᠠ ᠬᠠᠤᠯᠢ ᠬᠡᠷᠡᠭᠵᠢᠭᠦᠯᠬᠦ ᠶᠢᠨ ᠲᠤᠰᠬᠠᠢ ᠮᠡᠷᠭᠡᠵᠢᠯ ᠪᠠ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ︔ ᠬᠤᠶᠠᠷ ᠲᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢ ᠴᠢᠩᠭᠠᠳᠬᠠᠪᠠ᠃ ᠪᠢᠳᠡ ᠬᠡᠷᠡᠭ ᠰᠢᠢᠳᠪᠦᠷᠢᠯᠡᠬᠦ ᠲᠣᠭᠤᠷᠢᠭ᠂ ᠬᠡᠷᠡᠭ ᠤᠨ ᠬᠠᠮᠢᠶᠠᠷᠤᠯᠲᠠ ᠶᠢᠨ ᠲᠣᠭᠤᠷᠢᠭ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢᠨ ᠲᠣᠭᠤᠷᠢᠭ ᠵᠢᠴᠢ ᠪᠤᠰᠤᠳ ᠲᠤᠰᠠᠯᠠᠬᠤ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠨᠢᠭᠡ ᠥᠷᠲᠡᠭᠡ ᠮᠠᠶ᠋ᠢᠭ︾ ᠤᠨ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠢ ᠪᠠᠶᠢᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠬᠢᠨᠠᠯᠲᠠ ᠲᠠᠯᠪᠢᠵᠤ ᠬᠠᠮᠢᠶᠠᠷᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ︽ᠨᠢᠭᠡ ᠴᠣᠭᠴᠠᠵᠢᠭᠤᠯᠬᠤ︾ ᠠᠵᠢᠯᠯᠠᠭᠠᠨ ᠤ ᠲᠣᠭᠲᠠᠴᠠ ᠶᠢ ᠬᠡᠷᠡᠭᠵᠢᠭᠦᠯᠵᠦ᠂ ︽ᠠᠮᠤᠷ ᠲᠦᠪᠰᠢᠨ᠂ ᠵᠢᠷᠤᠮᠵᠢᠯ ᠲᠠᠢ᠂ ᠡᠷᠴᠢᠮᠯᠢᠭ᠂ ᠣᠶᠤᠨᠴᠢᠯᠠᠭᠰᠠᠨ᠂ ᠥᠨᠳᠥᠷ ᠦᠷ᠎ᠡ ᠠᠰᠢᠭ ᠲᠠᠢ︾ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠠᠭᠪᠤᠷ ᠢ ᠪᠤᠢ ᠪᠣᠯᠭᠠᠵᠤ᠂ ᠨᠢᠭᠡ ᠥᠷᠲᠡᠭᠡ ᠮᠠᠶ᠋ᠢᠭ ᠤᠨ ᠬᠡᠷᠡᠭ ᠰᠢᠢᠳᠪᠦᠷᠢᠯᠡᠬᠦ ᠶᠡᠷᠦᠩᠬᠡᠢ ᠰᠠᠭᠤᠷᠢᠨ᠂ ᠬᠢᠨᠠᠯᠲᠠ ᠲᠠᠯᠪᠢᠵᠤ ᠬᠠᠮᠢᠶᠠᠷᠬᠤ ᠶᠡᠭᠡ ᠬᠦᠢᠰᠦ᠂ ᠪᠦᠬᠦ ᠶᠠᠪᠤᠴᠠ ᠶᠢᠨ ᠪᠠᠲᠤᠯᠠᠭ᠎ᠠ ᠲᠠᠢ ᠲᠣᠮᠣ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠪᠠ︔ ᠭᠤᠷᠪᠠ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠰᠢᠢᠳᠪᠦᠷᠢᠯᠡᠵᠦ ᠬᠤᠪᠢ ᠲᠡᠮᠳᠡᠭᠯᠡᠬᠦ ᠳᠦᠷᠢᠮ ᠢ ᠡᠬᠢᠯᠡᠨ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠪᠦᠬᠦ ᠶᠠᠪᠤᠴᠠ ᠶᠢᠨ᠂ ᠲᠤᠬᠠᠢ ᠶᠢᠨ ᠴᠠᠭ ᠤᠨ᠂ ᠬᠥᠳᠡᠯᠦᠩᠭᠦᠢ ᠦᠨᠡᠯᠡᠯᠲᠡ ᠬᠢᠵᠦ᠂ ᠠᠷᠠᠳ ᠤᠨ ᠴᠠᠭᠳᠠᠭ᠎ᠠ ᠶᠢᠨ ᠬᠠᠷᠢᠭᠤᠴᠠᠬᠤ ᠰᠡᠳᠬᠢᠯ ᠢ ᠴᠢᠩᠭᠠᠳᠬᠠᠨ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠡᠬᠢ ᠠᠴᠠ ᠨᠢ᠂ ᠲᠡᠰ ᠳᠠᠷᠠᠭᠠᠯᠠᠯ ᠳᠡᠭᠡᠷ᠎ᠡ ᠬᠦᠷᠲᠡᠯ᠎ᠡ ᠪᠠᠲᠤᠯᠠᠪᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠣᠶᠣᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠶᠢᠨ ᠬᠢᠨᠠᠯᠲᠠ ᠶᠢᠨ ︽ᠣᠶᠣᠨᠴᠢᠯᠠᠭᠰᠠᠨ ᠵᠠᠰᠠᠯᠲᠠ︾ ᠶᠢᠨ ᠴᠠᠭ ᠦᠶ᠎ᠡ ᠶᠢ ᠪᠦᠬᠦ ᠲᠠᠯ᠎ᠠ ᠪᠠᠷ ᠨᠡᠭᠡᠭᠡᠵᠦ᠂ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠤᠯᠠᠮ ᠨᠠᠷᠢᠯᠢᠭ ᠪᠣᠯᠭᠠᠪᠠ᠃      ᠬᠥᠲᠥᠯᠥᠭᠴᠢ᠄      ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠪᠣᠯ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠵᠤ ᠡᠷᠬᠡᠲᠦ ᠠᠷᠠᠳ ᠤᠨ ᠡᠷᠬᠡ ᠠᠰᠢᠭ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠪᠢᠳᠠ ᠪᠦᠬᠦᠨ ᠮᠡᠳᠡᠨ᠎ᠡ᠂ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠶᠢᠨ ᠠᠵᠢᠯ ᠳᠤ ᠪᠣᠳᠠᠲᠠᠢ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠳᠥᠭᠦᠮ ᠲᠠᠨᠢᠯᠴᠠᠭᠤᠯᠵᠤ ᠥᠭᠭᠦᠨ᠎ᠡ ᠤᠤ︖      ᠭᠥᠸᠧ ᠸᠧᠢ ᠽᠠᠢ᠄      ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠵᠥᠪ ᠭᠦᠢᠴᠡᠳᠬᠡᠬᠦ ᠶᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠪᠠ ᠵᠦᠢ ᠵᠣᠬᠢᠰ ᠦᠭᠡᠢ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠰᠡᠷᠭᠡᠶᠢᠯᠡᠨ ᠵᠠᠯᠠᠷᠠᠭᠤᠯᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ᠃ ᠥᠨᠥᠳᠥᠷ ᠪᠢ ᠭᠤᠣᠯᠳᠠᠭᠤ ᠬᠠᠤᠯᠢ ᠳᠦᠷᠢᠮ ᠤᠨ ᠰᠠᠯᠪᠤᠷᠢ ᠠᠩᠭᠢ ᠶᠢᠨ ᠥᠷᠨᠢᠭᠦᠯᠦᠭᠰᠡᠨ ᠬᠤᠯᠪᠣᠭᠳᠠᠯ ᠪᠦᠬᠦᠢ ᠠᠵᠢᠯ ᠢ ᠣᠯᠠᠨ ᠳᠤ ᠲᠠᠨᠢᠯᠴᠠᠭᠤᠯᠤᠶ᠎ᠠ᠃ ᠨᠢᠭᠡ ᠳᠤ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤ ᠥᠷᠨᠢᠭᠦᠯᠪᠡ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠬᠤᠪᠢᠷᠠᠭᠤᠯᠵᠤ᠂ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠵᠢᠯ ᠤᠨ ᠳᠤᠭᠤᠶᠢᠯᠠᠩ ᠤᠨ ᠠᠵᠢᠯᠯᠠᠭᠠᠨ ᠤ ᠲᠥᠰᠥᠯ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠵᠢᠯ ᠤᠨ ᠱᠠᠩᠨᠠᠵᠤ ᠲᠣᠷᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠪᠦᠬᠦ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠵᠦ᠂ ᠨᠢᠭᠡ ᠪᠦᠯᠦᠭ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢᠨ ᠰᠢᠯᠢᠳᠡᠭ ᠲᠣᠭᠤᠷᠢᠨ ᠪᠠᠶᠢᠴᠠᠭᠠᠭᠴᠢ ᠶᠢ ᠢᠯᠡᠷᠡᠭᠦᠯᠵᠦ᠂ ᠱᠠᠩᠨᠠᠨ ᠬᠥᠬᠢᠭᠦᠯᠵᠦ᠂ ᠳᠠᠶᠢᠴᠢᠯᠠᠵᠤ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠮᠡᠷᠭᠡᠵᠢᠯ ᠤᠨ ᠰᠢᠯᠢᠳᠡᠭ ᠪᠠᠶᠢᠯᠳᠤᠬᠤ ᠠᠷᠭ᠎ᠠ ᠶᠢ ᠳᠡᠯᠭᠡᠷᠡᠭᠦᠯᠵᠦ᠂ ᠬᠠᠤᠯᠢ ᠬᠡᠷᠡᠭᠵᠢᠭᠦᠯᠬᠦ ᠬᠢᠨᠠᠯᠲᠠ ᠶᠢᠨ ︽ᠡᠴᠦᠰ ᠤᠨ ᠨᠢᠭᠡ ᠺᠢᠯᠣᠮᠧᠲᠷ︾ ᠤᠨ ᠰᠢᠢᠳᠪᠦᠷᠢᠲᠦ ᠢᠯᠠᠯᠲᠠ ᠶᠢ ᠣᠯᠪᠠ᠃ ᠮᠠᠨ ᠤ ᠲᠣᠪᠴᠢᠶ᠎ᠠ ᠶᠢᠨ ᠴᠢᠮᠡᠭᠡ ᠮᠡᠳᠡᠭᠡ ᠶᠢᠨ ᠵᠢᠯᠣᠭᠤᠳᠬᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤ ᠪᠠᠷ ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠶᠢ ᠵᠢᠷᠤᠮᠵᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠵᠡᠷᠭᠡ ᠪᠠᠷ ᠥᠷᠨᠢᠭᠦᠯᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠳᠤ ᠴᠠᠭ ᠲᠤᠬᠠᠢ ᠳᠤᠨᠢ ᠬᠢᠨᠠᠯᠲᠠ ᠲᠠᠯᠪᠢᠵᠤ᠂ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠪᠠ᠃ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠᠷ ᠥᠨᠳᠥᠷ᠂ ᠬᠥᠨᠥᠭᠡᠯ ᠠᠮᠰᠠᠭᠰᠠᠨ ᠬᠥᠮᠥᠨ ᠣᠯᠠᠨ᠂ ᠠᠮᠤᠷ ᠲᠦᠪᠰᠢᠨ ᠤ ᠳᠠᠯᠳᠠ ᠭᠡᠮ ᠤᠨ ᠲᠤᠰᠬᠠᠯ ᠲᠣᠪᠣᠶᠢᠮ᠎ᠠ ᠪᠠᠶᠢᠭ᠎ᠠ ᠬᠡᠷᠡᠭ ᠤᠨ ᠪᠠᠶᠢᠳᠠᠯ ᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠵᠤ ᠡᠮᠬᠢᠯᠡᠨ ᠳᠢᠭᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠲᠣᠮᠢᠯᠠᠬᠤ ᠭᠠᠵᠠᠷ ᠠᠩᠭᠢ ᠳᠤ ᠬᠠᠤᠯᠢ ᠬᠡᠷᠡᠭᠵᠢᠭᠦᠯᠬᠦ ᠰᠠᠨᠠᠭᠤᠯᠤᠮᠵᠢ ᠶᠢᠨ ᠪᠢᠴᠢᠭ ᠪᠤᠶᠤ ᠰᠠᠨᠠᠭᠤᠯᠭ᠎ᠠ ᠶᠢᠨ ᠪᠢᠴᠢᠭ ᠪᠠᠭᠤᠯᠭᠠᠵᠤ᠂ ᠣᠯᠠᠭᠤᠯᠠ ᠰᠤᠷᠪᠤᠯᠵᠢᠯᠠᠬᠤ᠂ ᠰᠦᠯᠵᠢᠶᠡᠨ ᠳᠡᠭᠡᠷᠡᠬᠢ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠪᠠᠶᠢᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ︔ ᠬᠤᠶᠠᠷ ᠲᠤ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠠᠵᠢᠯᠯᠠᠭᠠᠨ ᠢ ᠲᠦᠯᠬᠢᠨ ᠠᠬᠢᠭᠤᠯᠪᠠ᠃ ︽ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠠᠵᠢᠯ ᠤᠨ ᠳᠦᠷᠢᠮ︾ ︽ᠳᠣᠲᠣᠭᠠᠳᠤ ᠶᠢᠨ ᠬᠠᠤᠯᠢ ᠬᠡᠷᠡᠭᠵᠢᠭᠦᠯᠬᠦ ᠬᠢᠨᠠᠯᠲᠠ ᠶᠢᠨ ᠠᠵᠢᠯ ᠤᠨ ᠨᠠᠷᠢᠨ ᠳᠦᠷᠢᠮ︾ ᠵᠡᠷᠭᠡ 55 ᠳᠦᠷᠢᠮ ᠲᠣᠭᠲᠠᠴᠠ ᠂ ᠬᠠᠤᠯᠢ ᠬᠡᠷᠡᠭᠵᠢᠭᠦᠯᠬᠦ ᠨᠠᠷᠢᠨ ᠳᠦᠷᠢᠮ ᠪᠠ ᠪᠣᠳᠠᠲᠤ ᠳᠠᠶᠢᠨ ᠤ ᠵᠢᠯᠣᠭᠤᠳᠤᠮᠵᠢ ᠶᠢᠨ 47 ᠵᠦᠢᠯ ᠤᠨ ᠪᠣᠳᠠᠲᠤ ᠪᠣᠯᠪᠠᠰᠤᠷᠠᠯ ᠤᠨ ᠵᠢᠯᠣᠭᠤᠳᠤᠮᠵᠢ ᠶᠢ ᠨᠡᠶᠢᠲᠡᠯᠡᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠤᠨ ᠪᠠᠶᠢᠷᠢ ᠶᠢᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠦᠷᠢᠮ᠂ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠳᠦᠷᠢᠮ ᠪᠠ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ︽ᠶᠡᠭᠡ ᠬᠢᠨᠠᠯᠲᠠ ᠲᠠᠯᠪᠢᠬᠤ︾ ᠡᠭᠦᠷᠭᠡ ᠴᠢᠳᠠᠪᠤᠷᠢ ᠳᠤ ᠲᠦᠰᠢᠭᠯᠡᠨ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ᠠᠬᠤᠢ ᠲᠠᠯᠠᠪᠠᠢ ᠶᠢᠨ ᠬᠤᠷᠠᠯ᠂ ᠪᠦᠬᠦ ᠬᠤᠳᠠ ᠶᠢᠨ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠰᠠᠭᠤᠳᠠᠯ ᠤᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠪᠣᠯᠣᠨ ᠬᠠᠤᠯᠢ ᠳᠦᠷᠢᠮ ᠤᠨ ᠠᠵᠢᠯᠲᠠᠨ ᠤ ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠡᠷᠡᠭ ᠤᠨ ᠪᠠᠶᠢᠳᠠᠯ᠂ ᠬᠡᠷᠡᠭ ᠢ ᠰᠢᠯᠭᠠᠨ ᠦᠨᠡᠯᠡᠬᠦ ᠠᠵᠢᠯ ᠢ ᠦᠷᠭᠦᠯᠵᠢᠯᠡᠨ ᠥᠷᠨᠢᠭᠦᠯᠪᠡ︔ ᠭᠤᠷᠪᠠ ᠳᠤ ᠬᠡᠷᠡᠭ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠡᠷᠡᠭ ᠢ ᠰᠢᠭᠦᠵᠦ ᠬᠢᠨᠠᠨ ᠬᠠᠷᠭᠤᠭᠤᠯᠬᠤ ᠲᠥᠪ ᠴᠢᠩᠭ᠎ᠠ ᠴᠢᠨᠠᠷ ᠪᠠ ᠲᠥᠪ ᠭᠤᠣᠯᠴᠢ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠱᠠᠲᠤᠨ ᠤ ᠬᠠᠤᠯᠢ ᠳᠦᠷᠢᠮ ᠤᠨ ᠰᠠᠯᠠᠭ᠎ᠠ ᠮᠥᠴᠢᠷ ᠬᠡᠷᠡᠭ ᠤᠨ ᠪᠣᠳᠠᠲᠤ ᠶᠠᠪᠤᠳᠠᠯ ᠤᠨ ᠭᠤᠭᠴᠤᠭ᠎ᠠ᠂ ᠭᠡᠷᠡᠴᠢ ᠪᠠᠷᠢᠮᠲᠠ ᠶᠢᠨ ᠭᠤᠭᠴᠤᠭ᠎ᠠ᠂ ᠰᠢᠨᠵᠢ ᠴᠢᠨᠠᠷ ᠢ ᠲᠣᠭᠲᠠᠭᠠᠬᠤ ᠭᠤᠭᠴᠤᠭ᠎ᠠ᠂ ᠳᠠᠷᠠᠭᠠᠯᠠᠯ ᠤᠨ ᠭᠤᠭᠴᠤᠭ᠎ᠠ᠂ ᠰᠢᠢᠳᠪᠦᠷᠢᠯᠡᠬᠦ ᠭᠤᠭᠴᠤᠭ᠎ᠠ᠂ ᠴᠠᠭ ᠬᠤᠭᠤᠴᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠡᠯ᠎ᠡ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠡᠷᠬᠡ ᠬᠠᠷᠢᠭᠤᠴᠠᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠠᠴᠠ ᠠᠪᠤᠭᠠᠳ ᠰᠢᠢᠳᠪᠦᠷᠢᠯᠡᠵᠦ ᠳᠠᠭᠤᠰᠬᠠᠬᠤ ᠬᠦᠷᠲᠡᠯᠡᠬᠢ ᠪᠦᠬᠦ ᠶᠠᠪᠤᠴᠠ ᠳᠤ ᠴᠢᠩᠭ᠎ᠠ ᠬᠢᠨᠠᠯᠲᠠ ᠲᠠᠯᠪᠢᠵᠤ ᠡᠵᠡᠮᠳᠡᠬᠦ ᠪᠣᠯᠪᠠ᠃ ᠡᠭᠦᠨ ᠤ ᠬᠠᠮᠲᠤ᠂ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠵᠡᠷᠭᠡᠪᠡᠷ ᠬᠡᠷᠡᠭ ᠰᠢᠢᠳᠪᠦᠷᠢᠯᠡᠬᠦ᠂ ᠤᠷᠢᠳᠴᠢᠯᠠᠨ ᠬᠢᠨᠠᠨ ᠬᠠᠷᠭᠤᠭᠤᠯᠬᠤ ᠠᠵᠢᠯ ᠤᠨ ᠵᠠᠭᠪᠤᠷ ᠵᠢᠴᠢ ᠪᠠᠶᠢᠴᠠᠭᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠪᠠ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠨ ᠠᠵᠢᠯᠯᠠᠬᠤ ᠲᠣᠭᠲᠠᠴᠠ ᠳᠤ ᠲᠦᠰᠢᠭᠯᠡᠨ᠂ ᠡᠷᠡᠭᠦᠦ ᠶᠢᠨ ᠬᠡᠷᠡᠭ ᠢ ᠬᠢᠨᠠᠨ ᠬᠠᠷᠭᠤᠭᠤᠯᠬᠤ ᠳᠠᠷᠠᠭᠠᠯᠠᠯ ᠢ ᠤᠯᠠᠮ ᠨᠢᠭᠡ ᠠᠯᠬᠤᠮ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠦ ᠶᠢᠨ ᠬᠡᠷᠡᠭ ᠢ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃      ᠬᠥᠲᠥᠯᠥᠭᠴᠢ᠄      ᠲᠠᠨ ᠤ ᠲᠠᠨᠢᠯᠴᠠᠭᠤᠯᠬᠤ ᠶᠢ ᠰᠣᠨᠣᠰᠤᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠷ᠎ᠠ ᠪᠠᠨ ᠥᠷᠨᠢᠭᠦᠯᠦᠭᠰᠡᠨ ᠬᠠᠤᠯᠢ ᠬᠡᠷᠡᠭᠵᠢᠭᠦᠯᠬᠦ ᠬᠢᠨᠠᠯᠲᠠ ᠶᠢᠨ ᠠᠵᠢᠯ ᠲᠤᠶᠢᠯ ᠤᠨ ᠴᠢᠩᠭ᠎ᠠ ᠨᠢᠮᠪᠠᠢ ᠪᠠᠶᠢᠳᠠᠭ ᠢ ᠮᠡᠳᠡᠯ᠎ᠡ᠂ ᠲᠡᠭᠡᠪᠡᠯ ᠨᠡᠶᠢᠭᠡᠮ ᠤᠨ ᠬᠢᠨᠠᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠵᠠᠮ ᠢ ᠨᠡᠭᠡᠭᠡᠭᠰᠡᠨ ᠪᠤᠢ︖      ᠭᠥᠸᠧ ᠸᠧᠢ ᠽᠠᠢ᠄      ᠪᠢᠳᠡ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠲᠣᠭᠲᠠᠭᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠂ ᠳᠥᠭᠦᠮ ᠳᠥᠲᠡ᠂ ᠲᠥᠪ ᠭᠤᠣᠯᠴᠢ᠂ ᠢᠯᠡ ᠲᠣᠳᠣ ᠴᠠᠭᠳᠠᠭᠠᠨ ᠤ ᠶᠠᠪᠤᠳᠠᠯ ᠤᠨ ᠰᠢᠨ᠎ᠡ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ ᠳᠦᠷᠢᠮ ᠢ ᠪᠠᠶᠢᠭᠤᠯᠵᠤ᠂ ︽12389︾ ᠢᠯᠡᠴᠢᠯᠡᠨ ᠮᠡᠳᠡᠭᠦᠯᠵᠦ ᠵᠠᠭᠠᠯᠳᠤᠬᠤ ᠲᠠᠪᠴᠠᠩ᠂ 6699720 ᠢᠯᠡᠴᠢᠯᠡᠨ ᠮᠡᠳᠡᠭᠦᠯᠵᠦ ᠵᠠᠭᠠᠯᠳᠤᠬᠤ ᠬᠠᠯᠠᠮᠰᠢᠯ ᠤᠲᠠᠰᠤ᠂ ︽24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ ᠵᠠᠭᠠᠯᠳᠤᠬᠤ ᠬᠡᠰᠡᠭ ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ 5 ᠠᠷᠭ᠎ᠠ ᠵᠠᠮ ᠢᠶᠠᠷ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠪᠦᠬᠦ ᠲᠠᠯ᠎ᠠ ᠪᠠᠷ ᠬᠦᠯᠢᠶᠡᠵᠦ᠂ ᠤᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ ᠪᠠᠶᠢᠳᠠᠯ ᠢ ᠡᠳᠦᠷ ᠲᠤ ᠬᠤᠷᠢᠶᠠᠩᠭᠤᠶᠢᠯᠠᠨ᠂ ᠡᠳᠦᠷ ᠲᠤ ᠮᠡᠳᠡᠭᠦᠯᠬᠦ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠢᠨᠠᠯᠲᠠ ᠳᠣᠣᠷ᠎ᠠ ᠡᠷᠬᠡ ᠪᠠᠨ ᠬᠡᠷᠡᠭᠯᠡᠬᠦ᠂ ᠣᠯᠠᠨ ᠤ ᠨᠢᠳᠦᠨ ᠳᠣᠣᠷ᠎ᠠ ᠬᠠᠤᠯᠢ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃      ᠬᠥᠲᠥᠯᠥᠭᠴᠢ᠄      ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠬᠡᠷᠡᠭᠵᠢᠭᠦᠯᠬᠦ ᠪᠠ ᠦᠢᠯᠡᠴᠢᠯᠡᠬᠦ ᠶᠢᠨ ᠬᠠᠷᠢᠴᠠᠭ᠎ᠠ ᠶᠢ ᠬᠡᠷᠬᠢᠨ ᠰᠢᠢᠳᠪᠦᠷᠢᠯᠡᠳᠡᠭ ᠪᠣᠢ︖      ᠭᠥᠸᠧ ᠸᠧᠢ ᠽᠠᠢ᠄      ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠪᠢᠳᠠ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠠᠷᠠᠳ ᠤᠨ ᠲᠥᠯᠥᠭᠡ ᠦᠢᠯᠡᠴᠢᠯᠡᠬᠦ ᠣᠶᠢᠯᠠᠭᠠᠭᠳᠠᠬᠤᠨ ᠢ ᠴᠠᠭ ᠢᠮᠠᠭᠲᠠ ᠪᠠᠷᠢᠮᠲᠠᠯᠠᠳᠠᠭ᠃ ᠨᠢᠭᠡ ᠲᠠᠯ᠎ᠠ ᠪᠠᠷ᠂ ᠪᠢᠳᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠨᠡᠶᠢᠭᠡᠮ ᠤᠨ ᠡᠮᠬᠢ ᠵᠢᠷᠤᠮ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠳᠠᠭ᠃ ᠨᠥᠭᠦᠭᠡ ᠲᠠᠯ᠎ᠠ ᠪᠠᠷ᠂ ᠪᠢᠳᠠᠨ ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠤᠴᠢᠷ ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠡᠩ ᠳᠥᠭᠦᠮ ᠲᠦᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠳᠠᠭ᠃ ᠡᠭᠦᠨ ᠤ ᠬᠠᠮᠲᠤ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠢ ᠢᠯᠡ ᠪᠣᠯᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ᠠᠵᠢᠯ ᠤᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠬᠥᠲᠥᠯᠥᠭᠴᠢ᠄      ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠬᠦ ᠲᠠᠯ᠎ᠠ ᠪᠠᠷ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠮᠠᠷ ᠶᠠᠮᠠᠷ ᠠᠵᠢᠯ ᠬᠢᠪᠡ︖      ᠭᠥᠸᠧ ᠸᠧᠢ ᠽᠠᠢ᠄      ᠪᠢᠳᠠᠨ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠡᠷᠢᠨ ᠪᠠᠭᠤᠷᠠᠢ ᠲᠠᠯ᠎ᠠ ᠪᠠᠨ ᠣᠯᠵᠤ᠂ ᠠᠰᠠᠭᠤᠳᠠᠯ ᠢ ᠥᠭᠡᠷᠡᠴᠢᠯᠡᠨ ᠰᠠᠶᠢᠵᠢᠷᠠᠭᠤᠯᠬᠤ ᠪᠠ ᠦᠢᠯᠡᠴᠢᠯᠡᠭᠡ ᠪᠠᠨ ᠰᠢᠯᠢᠳᠡᠭᠵᠢᠭᠦᠯᠬᠦ ︽ᠬᠤᠣᠰ ᠴᠢᠭᠯᠡᠯ︾ ᠢᠶᠠᠷ ᠬᠦᠴᠦᠯᠡᠪᠡ᠃ ᠨᠢᠭᠡ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠯᠡᠵᠦ ᠪᠣᠯᠬᠤ ᠠᠴᠠ ᠬᠡᠷᠡᠭᠯᠡᠬᠦ ᠳᠤ ᠰᠠᠶᠢᠨ ᠪᠣᠯᠭᠠᠨ ᠰᠢᠨᠡᠴᠢᠯᠡᠪᠡ᠃ ᠬᠤᠶᠠᠷ ᠲᠤ ᠨᠡᠩ ᠣᠯᠠᠨ ᠠᠷᠠᠳ ᠲᠤ ᠳᠥᠭᠦᠮ ᠠᠵᠤ ᠠᠬᠤᠶᠢᠯᠠᠯ ᠳᠤ ᠠᠰᠢᠭ ᠲᠠᠢ ᠠᠷᠭ᠎ᠠ ᠬᠡᠮᠵᠢᠶ᠎ᠡ ᠶᠢ ᠠᠪᠤᠪᠠ᠃ ᠭᠤᠷᠪᠠ ᠳᠤ ᠨᠡᠩ ᠣᠯᠠᠨ ᠤᠴᠢᠷ ᠶᠠᠪᠤᠳᠠᠯ ᠭᠦᠢᠴᠡᠳᠬᠡᠬᠦ ᠵᠦᠢᠯ ᠢ ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠤᠨ ᠰᠠᠭᠤᠯᠭᠠᠵᠤ᠂ ︽ᠠᠷᠪᠠᠨ ᠲᠠᠪᠤᠨ ᠮᠢᠨᠦ᠋ᠲ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠠᠭᠠᠷᠢᠭ︾ ᠢ ᠪᠠᠶᠢᠭᠤᠯᠪᠠ᠃      ᠬᠥᠲᠥᠯᠥᠭᠴᠢ᠄      ᠪᠢᠳᠠᠨ ᠤ ᠮᠡᠳᠡᠬᠦ ᠪᠠᠷ ᠳᠣᠲᠣᠭᠠᠳᠤ ᠶᠢ  ᠬᠠᠮᠠᠭᠠᠯᠠᠬᠤ ᠰᠠᠯᠠᠭ᠎ᠠ ᠮᠥᠴᠢᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠲᠡᠭᠡᠪᠡᠯ ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖      ᠭᠥᠸᠧ ᠸᠧᠢ ᠽᠠᠢ᠄      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ ᠪᠠᠷ ᠵᠠᠰᠠᠬᠤ ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠦᠢᠯᠡᠴᠢᠯᠡᠨ ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠢᠶᠠᠷ ᠲᠣᠭᠲᠠᠭᠤᠨ᠂ ᠠᠮᠤᠷ ᠲᠦᠪᠰᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠪᠠ᠂ ᠭᠤᠣᠯᠳᠠᠭᠤ ᠳᠣᠣᠷᠠᠬᠢ ᠮᠡᠲᠦ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠦᠢᠯᠡᠴᠢᠯᠡᠪᠡ᠄ ᠨᠢᠭᠡ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ᠃ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶᠢᠯᠡᠭᠰᠡᠨ ᠬᠡᠳᠦ ᠳᠡᠯᠭᠡᠭᠦᠷ︾ ︽ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ᠪᠠ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠯᠢ ᠪᠠᠷ ᠣᠷᠣᠵᠤ ᠭᠠᠷᠬᠤ ᠪᠠ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠲᠤᠰᠬᠠᠢ ᠬᠤᠪᠢᠶᠠᠷᠢ ᠲᠢᠩᠬᠢᠮ ᠢ ︽ᠶᠡᠷᠦᠩᠬᠡᠶᠢᠯᠡᠭᠰᠡᠨ︾ ᠪᠣᠯᠭᠠᠬᠤ ᠥᠭᠡᠷᠡᠴᠢᠯᠡᠯᠲᠡ ᠪᠠ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠪᠣᠯᠬᠤ ᠶᠢ ᠪᠦᠬᠦᠨ ᠢ ᠣᠷᠣᠭᠤᠯᠪᠠ᠃  ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠬᠡᠷᠡᠭ ᠢ ᠬᠡᠷᠡᠭ ᠢᠶᠠᠷ ᠳᠠᠩᠰᠠᠯᠠᠬᠤ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠲᠤᠯᠠᠭ᠎ᠠ ᠠᠪᠤᠭᠰᠠᠨ ᠬᠥᠮᠥᠨ ᠤ ᠭᠠᠳᠠᠷ ᠣᠷᠣᠨ ᠳᠤ ᠣᠴᠢᠵᠤ ᠡᠵᠡᠩᠨᠡᠯᠲᠡ ᠦᠢᠯᠡᠳᠪᠦᠷᠢᠯᠡᠯ ᠤᠨ ᠠᠵᠢᠯᠯᠠᠭ᠎ᠠ ᠬᠢᠬᠦ ᠶᠢ ᠵᠥᠪᠰᠢᠶᠡᠷᠡᠬᠦ ᠳᠠᠷᠠᠭᠠᠯᠠᠯ ᠢ ᠳᠥᠭᠦᠮᠴᠢᠯᠡᠵᠦ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠲᠠᠢ ᠵᠣᠯᠭᠠᠭᠤᠯᠤᠨ᠂ ᠠᠵᠤ ᠠᠬᠤᠶᠢᠯᠠᠯ ᠤᠨ ᠲᠠᠬᠢᠨ ᠶᠠᠯ᠎ᠠ ᠬᠢᠬᠦ ᠠᠶᠤᠯ ᠲᠦᠭᠰᠢᠭᠦᠷᠢ ᠶᠢ ᠠᠷᠢᠯᠭᠠᠵᠤ᠂ ᠬᠤᠳᠠᠯᠳᠤᠭᠠᠴᠢᠨ ᠢ ᠠᠮᠤᠷᠵᠢᠭᠤᠯᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠪᠠ︔ ᠬᠤᠶᠠᠷ ᠲᠤ ᠠᠵᠤ ᠠᠬᠤᠶᠢᠯᠠᠯ ᠢ ᠬᠠᠮᠠᠭᠠᠯᠠᠵᠤ ᠬᠤᠳᠠᠯᠳᠤᠭᠠᠴᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠲᠥᠪ ᠢᠶᠠᠷ ᠳᠠᠮᠵᠢᠭᠤᠯᠤᠨ ᠦᠢᠯᠡᠴᠢᠯᠡᠭᠡ ᠬᠠᠩᠭᠠᠪᠠ᠃ ᠨᠢᠭᠡᠨᠲᠡ ᠪᠠᠶᠢᠭᠤᠯᠵᠤ ᠳᠠᠭᠤᠰᠬᠠᠭᠰᠠᠨ ᠬᠤᠲᠣᠩ ᠠᠷᠠᠳ  ᠤᠨ ᠲᠣᠭᠤᠷᠢᠭ ᠤᠨ ᠠᠵᠤ ᠠᠬᠤᠶᠢᠯᠠᠯ ᠢ ᠬᠠᠮᠠᠭᠠᠯᠠᠵᠤ ᠬᠤᠳᠠᠯᠳᠤᠭᠠᠴᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠲᠥᠪ ᠲᠤ ᠠᠵᠤ ᠠᠬᠤᠢ ᠶᠢᠨ ᠲᠤᠷᠰᠢᠨ ᠪᠠᠶᠢᠴᠠᠭᠠᠯᠲᠠ᠂ ᠣᠷᠴᠢᠨ ᠲᠣᠭᠤᠷᠢᠨ ᠢᠳᠡᠭᠡᠨ ᠤ ᠵᠦᠢᠯ ᠡᠮ ᠤᠨ ᠵᠦᠢᠯ ᠵᠡᠷᠭᠡ ᠴᠠᠭᠳᠠᠭᠠᠨ ᠤ ᠲᠦᠷᠦᠯ ᠢ  ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤ ᠪᠠᠷ ᠰᠠᠭᠤᠯᠭᠠᠵᠤ᠂ ᠡᠭᠦᠨ ᠤ ᠵᠣᠷᠢᠯᠭ᠎ᠠ ᠨᠢ ᠬᠤᠲᠣᠩ ᠠᠷᠠᠳ ᠤᠨ ᠲᠣᠭᠤᠷᠢᠭ ᠤᠨ ᠠᠵᠤ ᠠᠬᠤᠶᠢᠯᠠᠯ ᠳᠤ ᠲᠤᠰᠬᠠᠢ ᠮᠡᠷᠭᠡᠵᠢᠯ ᠤᠨ ᠳᠥᠭᠦᠮ ᠳᠥᠲᠡ ᠵᠠᠰᠠᠭ ᠵᠠᠬᠢᠷᠭᠠᠨ ᠤ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢᠨ ᠲᠥᠯᠥᠭᠡ ᠶᠤᠮ︔ ᠭᠤᠷᠪᠠ ᠳᠤ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ︔ ᠳᠥᠷᠪᠡ ᠳᠤ ᠴᠠᠭᠳᠠᠭ᠎ᠠ ᠪᠣᠯᠣᠨ ᠠᠵᠤ ᠠᠬᠤᠶᠢᠯᠠᠯ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠪᠠ᠃ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ ᠪᠤᠶᠤ ᠠᠵᠤ ᠠᠬᠤᠶᠢᠯᠠᠯ ᠤᠨ ᠲᠥᠯᠥᠭᠡᠯᠡᠭᠴᠢᠳ ᠢ ᠤᠷᠢᠵᠤ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠣᠶᠢᠯᠠᠭᠠᠵᠤ᠂ ᠬᠠᠷᠠᠭᠠᠯᠵᠠᠭᠰᠠᠨ ᠰᠢᠢᠳᠪᠦᠷᠢᠯᠡᠬᠦ ᠲᠥᠰᠥᠯ ᠬᠠᠩᠭᠠᠪᠠ      ᠬᠥᠲᠥᠯᠥᠭᠴᠢ᠄      ᠵᠠᠰᠠᠭ ᠤᠨ ᠣᠷᠳᠣᠨ ᠤ ᠴᠢᠬᠤᠯᠠ ᠬᠠᠤᠯᠢ ᠬᠡᠷᠡᠭᠵᠢᠭᠦᠯᠬᠦ ᠡᠩᠨᠡᠭᠡ ᠪᠣᠯᠣᠭᠰᠠᠨ ᠤ ᠬᠤᠪᠢ ᠳᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠨᠢ ᠴᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠠᠵᠢᠯ ᠤᠨ ᠨᠢᠭᠡ ᠪᠣᠯᠣᠭᠰᠠᠨ ᠪᠠᠶᠢᠨ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠣᠳᠣᠬᠠᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠪᠠᠶᠢᠳᠠᠯ ᠢ ᠳᠥᠭᠦᠮ ᠲᠠᠨᠢᠯᠴᠠᠭᠤᠯᠵᠤ ᠥᠭᠭᠦᠨ᠎ᠡ ᠤᠤ︖      ᠭᠥᠸᠧ ᠸᠧᠢ ᠽᠠᠢ᠄      ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠵᠤ᠂ ᠡᠯ᠎ᠡ ᠲᠤᠬᠠᠶᠢᠯᠠᠭᠰᠠᠨ ᠠᠵᠢᠯ ᠤᠨ ᠴᠠᠭᠳᠠᠭᠠᠨ ᠤ ᠲᠥᠷᠥᠯ ᠤᠨ ᠬᠠᠤᠯᠢ ᠲᠦᠭᠡᠮᠡᠯᠵᠢᠭᠦᠯᠦᠭᠡ ᠶᠢ ︽ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ︽ᠠᠵᠤ ᠠᠬᠤᠶᠢᠯᠠᠯ ᠳᠤ ᠣᠷᠣᠭᠤᠯᠬᠤ︾ ︽ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠠᠵᠢᠯᠯᠠᠭ᠎ᠠ ᠶᠢ ᠪᠠᠶᠢᠩᠭᠤ ᠡᠷᠬᠢᠯᠡᠪᠡ᠃ ︽ᠦᠨᠳᠦᠰᠦᠨ ᠬᠠᠤᠯᠢ ᠶᠢ ᠤᠬᠠᠭᠤᠯᠬᠤ ᠭᠠᠷᠠᠭ︾ ︽ᠬᠤᠣᠷ ᠴᠠᠭᠠᠵᠠᠯᠠᠬᠤ ᠶᠢ ᠤᠬᠠᠭᠤᠯᠬᠤ ᠡᠳᠦᠷ︾ ︽ᠢᠷᠭᠡᠨ ᠤ ᠬᠠᠤᠯᠢ ᠶᠢᠨ ᠪᠢᠴᠢᠭ ᠢ ᠤᠬᠠᠭᠤᠯᠬᠤ ᠰᠠᠷ᠎ᠠ︾ ᠵᠡᠷᠭᠡ ᠴᠢᠬᠤᠯᠠ ᠤᠬᠠᠭᠤᠯᠭ᠎ᠠ ᠶᠢᠨ ᠵᠠᠩᠭᠢᠯᠠᠭ᠎ᠠ ᠶᠢᠨ ᠴᠡᠭ ᠢ ᠠᠰᠢᠭᠯᠠᠨ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠣᠳᠣᠬᠠᠨ ᠳᠤ ᠣᠯᠠᠨ ᠭᠠᠷᠴᠤ ᠪᠠᠶᠢᠭ᠎ᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠡᠷᠡᠭ ᠲᠤ ᠴᠢᠭᠯᠡᠭᠦᠯᠦᠨ᠂ ᠪᠥᠬᠦ ᠲᠠᠯ᠎ᠠ ᠶᠢᠨ ᠬᠦᠴᠦᠨ ᠢᠶᠠᠷ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠬᠤᠲᠠ ᠶᠢᠨ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠠᠴᠠ ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠢ᠂ ᠠᠵᠤ ᠠᠬᠤᠶᠢᠯᠠᠯ᠂ ᠵᠠᠭᠤᠴᠢᠯᠠᠭᠤᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠲᠠᠢ ᠬᠠᠷᠢᠯᠴᠠᠨ ᠨᠢᠭᠲᠠ ᠬᠠᠮᠵᠢᠯᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠮᠡᠬᠡᠯᠡᠯ ᠢ ᠡᠰᠡᠷᠭᠦᠴᠡᠬᠦ ᠣᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢ ᠥᠷᠨᠢᠭᠦᠯᠪᠡ᠃ ᠡᠭᠦᠨ ᠠᠴᠠ ᠭᠠᠳᠠᠨ᠎ᠠ ᠰᠢ ᠯᠥᠸᠧ ᠹᠧᠩ ᠵᠡᠭᠡᠯᠢ ᠶᠢᠨ ᠨᠡᠶᠢᠭᠡᠮ ᠲᠣᠭᠤᠷᠢᠭ ᠲᠤ ᠠᠩᠬᠠᠳᠠᠭᠴᠢ ᠨᠡᠶᠢᠭᠡᠮ ᠲᠣᠭᠤᠷᠢᠭ ᠤᠨ ᠮᠡᠬᠡᠯᠡᠯ ᠢ ᠡᠰᠡᠷᠭᠦᠴᠡᠬᠦ ᠠᠵᠢᠯ ᠤᠨ ᠦᠷᠳᠡᠭᠡ ᠶᠢ ᠪᠠᠶᠢᠭᠤᠯᠤᠨ᠂ ᠤᠯᠠᠨ ᠲᠦᠮᠡᠨ ᠲᠠᠢ ᠣᠶᠢᠷᠠᠳᠴᠤ᠂ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ᠂ ᠪᠦᠬᠦ ᠨᠡᠶᠢᠭᠡᠮ ᠢᠶᠠᠷ ᠢᠶᠠᠨ ᠮᠡᠬᠡᠯᠡᠯ ᠢ ᠡᠰᠡᠷᠭᠦᠴᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠪᠡ᠃      ᠬᠥᠲᠥᠯᠥᠭᠴᠢ᠄      ᠳᠡᠭᠡᠷᠡᠬᠢ ᠶᠠᠷᠢᠯᠴᠠᠭ᠎ᠠ ᠪᠠᠷ ᠳᠠᠮᠵᠢᠨ ᠪᠢᠳᠠ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠵᠢᠯ ᠪᠣᠯᠣᠨ ᠦᠷ᠎ᠡ ᠪᠦᠲᠦᠮᠵᠢ ᠶᠢ ᠶᠡᠭᠡ ᠲᠥᠯᠥᠪ ᠣᠶᠢᠯᠠᠭᠠᠯ᠎ᠠ᠂ ᠲᠡᠭᠡᠪᠡᠯ ᠬᠤᠵᠢᠮ ᠤᠨ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤᠮᠳᠠ ᠶᠠᠮᠠᠷ ᠭᠤᠣᠯᠳᠠᠯᠭ᠎ᠠ ᠶᠢ ᠡᠵᠡᠮᠳᠡᠬᠦ ᠴᠢᠬᠤᠯᠠ ᠲᠠᠢ ᠪᠠᠶᠢᠨ᠎ᠠ︖      ᠭᠥᠸᠧ ᠸᠧᠢ ᠽᠠᠢ᠄      ᠣᠷᠣᠨ ᠤ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ ᠡᠷᠬᠡᠪᠰᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠵᠤ᠂ ᠬᠠᠤᠯᠢᠵᠢᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢ ᠴᠥᠬᠦᠷᠡᠰᠢ ᠦᠭᠡᠢ ᠵᠢᠷᠤᠮᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠲᠣᠪᠣᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠣᠷᠣᠨ ᠤ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢᠵᠢᠯ ᠤᠨ ᠬᠢᠷᠢ ᠲᠦᠪᠰᠢᠨ ᠪᠣᠯᠣᠨ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃      ᠬᠠᠮᠢᠶᠠᠷᠤᠭᠴᠢ᠄      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠦᠨ ᠰᠢᠶᠠᠩ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ  ᠭᠦᠸᠧ ᠸᠧᠢ ᠽᠠᠢ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠳᠡᠳ᠋ ᠳᠠᠷᠤᠭ᠎ᠠ ᠸᠠᠩ ᠬᠦᠶ ᠹᠠᠩ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1